ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠦᠭᠡᠷᠡᠴᠢᠯᠡᠨ ᠰᠢᠨᠡᠳᠭᠡᠭᠡᠳ ᠠᠷᠠᠳ ᠤᠯᠠᠨ ᠤ ᠰᠡᠳᠭᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/3/19
  ᠣᠶᠢᠷ᠎ᠠ ᠶᠢᠨ ᠵᠢᠯ ᠳᠤ᠂ ᠤᠯᠠᠭᠠᠨᠬᠤᠲᠠ ᠠᠷᠠᠳ ᠤᠯᠠᠨ ᠤ ᠤᠷᠤᠰᠢᠨ ᠰᠠᠭᠤᠷᠢᠰᠢᠵᠤ ᠪᠠᠶᠢᠭ᠎ᠠ ᠤᠷᠤᠨ ᠰᠠᠭᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠯᠠ ᠭᠠᠵᠠᠷ ᠢ ᠠᠰᠢᠭᠯᠠᠵᠤ᠂ ᠬᠤᠲᠠ ᠶᠢᠨ ᠰᠢᠨᠡᠴᠢᠯᠡᠯᠲᠡ ᠶᠢ ᠠᠬᠢᠭᠤᠯᠤᠨ᠂ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠤᠨ ᠳᠡᠭᠡᠭᠰᠢᠯᠡᠭᠦᠯᠵᠦ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠤ ᠪᠠᠶᠢᠨ᠎ᠠ᠃
       ᠬᠠᠭᠤᠴᠢᠨ ᠪᠠᠭ᠎ᠠ ᠲᠤᠭᠤᠷᠢᠭ ᠢ ᠬᠠᠮᠢᠭ᠎ᠠ ᠠᠴᠠ ᠨᠢ ᠥᠭᠡᠷᠡᠴᠢᠯᠡᠬᠦ ᠪᠤᠢ︖ ᠦᠭᠡᠷᠡᠴᠢᠯᠡᠭᠡᠳ ᠬᠢᠷᠢ ᠵᠡᠷᠭᠡ ᠪᠣᠯᠵᠤ ᠪᠠᠶᠢᠨ᠎ᠠ︖ ᠬᠠᠰᠢᠯᠠ ᠰᠠᠭᠤᠭᠠᠯᠢ ᠠᠷᠠᠳ ᠤᠨ ᠰᠠᠨᠠᠯ ᠢ ᠬᠤᠷᠢᠶᠠᠬᠤ ᠴᠢᠬᠤᠯᠠᠳᠠᠢ᠃ ᠤᠯᠠᠭᠠᠨᠬᠤᠲᠠ ᠶᠢᠨ ᠱᠧᠩᠯᠢ ᠪᠠᠭ᠎ᠠ ᠲᠣᠭᠤᠷᠢᠭ ᠢᠶᠠᠷ ᠬᠦᠷᠴᠤ ᠢᠷᠡᠬᠦ ᠳᠤ᠂ ᠴᠡᠪᠡᠷ ᠴᠡᠮᠴᠡᠭᠡᠷ ᠣᠷᠴᠢᠨ ᠲᠣᠭᠤᠷᠢᠨ᠂ ᠴᠤ᠋ ᠰᠢᠨ᠎ᠡ ᠬᠡᠷᠡᠮ ᠬᠠᠨ᠎ᠠ᠂ ᠪᠦᠷᠢᠨ ᠲᠡᠭᠦᠯᠳᠡᠷ ᠴᠢᠳᠠᠪᠬᠢ ᠲᠠᠢ ᠠᠮᠢᠳᠤᠷᠠᠯ ᠤᠨ ᠲᠥᠬᠦᠭᠡᠷᠦᠮᠵᠢ ᠨᠢ ᠬᠥᠮᠥᠰ ᠲᠤ ᠨᠢᠭᠡ ᠵᠦᠢᠯ ᠤᠨ ᠰᠠᠨᠠᠭ᠎ᠠ ᠠᠮᠤᠷ᠂ ᠲᠠᠭᠠᠯᠠᠮᠵᠢᠲᠠᠢ ᠲᠥᠷᠥᠭᠳᠡᠯ  ᠤᠯᠭᠤᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠳᠤᠷᠠᠳᠬᠤ ᠳᠤ᠂ ᠱᠧᠩᠯᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠯᠦ ᠯᠠᠨ ᠹᠧᠩ ᠡᠷᠡᠬᠡᠢ ᠬᠤᠷᠤᠭᠤ ᠭᠠᠷᠭᠠᠨ ᠮᠠᠭᠲᠠᠵᠤ ᠪᠠᠶᠢᠯ᠎ᠠ᠃ ︽ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠭᠰᠡᠨ ᠠᠴᠠ ᠨᠠᠰᠢ᠂ ᠵᠠᠮ ᠲᠡᠭᠰᠢᠬᠡᠨ ᠪᠣᠯᠵᠤ᠂ ᠵᠠᠮ ᠤᠨ ᠳ᠋ᠧᠩ ᠨᠤᠴᠤᠵᠤ᠂ ᠪᠠᠰᠠ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠭᠰᠠᠨ ᠠᠴᠠ ᠪᠢᠳᠡᠨ ᠳᠤ ᠮᠠᠰᠢ ᠶᠡᠭᠡ ᠲᠥᠬᠦᠮ ᠦᠵᠡᠭᠦᠯᠵᠡᠢ᠂ ᠣᠲᠣ ᠦᠨᠡᠬᠡᠷ ᠵᠣᠯ ᠵᠢᠷᠭᠠᠯ ᠲᠠᠢ ᠪᠠᠶᠢᠨ᠎ᠠ︕︾ ᠭᠡᠵᠤ ᠰᠤᠷᠪᠤᠯᠵᠢᠯᠠᠭᠴᠢ ᠳᠤ ᠬᠡᠯᠡᠨ᠎ᠡ᠃
  ᠤᠯᠠᠭᠠᠨᠬᠤᠲᠠ ᠶᠢᠨ ᠠᠶᠢᠬᠦ᠋ᠸᠧ ᠵᠡᠭᠡᠯᠢ ᠶᠢᠨ ᠬᠠᠷᠢᠶ᠎ᠠ ᠲᠣᠭᠤᠷᠢᠭ ᠤᠨ ᠵᠡᠭᠡᠯᠢ ᠭᠤᠳᠤᠮᠵᠢ ᠪᠠᠷ ᠶᠠᠪᠤᠬᠤ ᠳᠤ᠂ ᠤᠯᠠᠭᠠᠨᠬᠤᠲᠠ ᠶᠢᠨ ᠬᠠᠭᠤᠴᠢᠨ ᠬᠤᠳᠠ ᠶᠢᠨ ᠲᠣᠭᠤᠷᠢᠭ ᠤᠨ ᠭᠡᠷᠡᠯ ᠵᠢᠷᠤᠭ ᠢᠶᠠᠷ ᠭᠤᠣᠯ ᠰᠡᠳᠦᠪ ᠪᠣᠯᠭᠠᠨ ᠵᠣᠬᠢᠶᠠᠨ ᠪᠦᠲᠦᠭᠡᠭᠰᠡᠨ ᠰᠣᠶᠣᠯ ᠤᠨ ᠬᠡᠷᠡᠮ ᠨᠢ ᠬᠤᠳᠠ ᠶᠢᠨ ᠠᠷᠠᠳ ᠪᠤᠯᠤᠨ ᠵᠤᠭᠠᠴᠠᠭᠰᠠᠳ ᠤᠨ ᠪᠠᠭ᠋ᠠᠷᠬᠠᠯ ᠢ ᠲᠠᠲᠠᠵᠤ᠂ ᠤᠷᠳᠤ ᠬᠡᠷᠡᠮ ᠳᠡᠭᠡᠷ᠎ᠡ ᠣᠨ ᠰᠠᠷ᠎ᠠ ᠶᠢ ᠲᠡᠮᠳᠡᠭᠯᠡᠭᠰᠡᠨ ᠬᠠᠭᠤᠴᠢᠨ ᠭᠡᠷᠡᠯ ᠵᠢᠷᠤᠭ ᠢᠶᠠᠷ ᠳᠦᠭᠦᠷᠴᠦ᠂ ᠣᠳᠣᠬᠢᠴᠢᠯᠠᠭᠰᠠᠨ ᠬᠤᠳᠠ ᠶᠢᠨ ᠵᠡᠭᠡᠯᠢ ᠭᠤᠳᠤᠮᠵᠢ ᠲᠠᠢ  ᠵᠠᠯᠭᠠᠯᠳᠤᠨ ᠤᠨᠳᠤᠤ ᠰᠠᠶᠢᠬᠠᠨ ᠦᠵᠡᠮᠵᠢ ᠪᠤᠯᠤᠭᠰᠠᠨ ᠪᠠᠶᠢᠨ᠎ᠠ᠃  ᠤᠯᠠᠭᠠᠨᠬᠤᠲᠠ ᠪᠠᠰᠠ ᠬᠤᠲᠠ ᠶᠢᠨ ᠵᠠᠷᠢᠮ ᠨᠡᠭᠡᠭᠡᠯᠲᠡ ᠶᠢᠨ ᠣᠷᠣᠨ ᠵᠠᠢ ᠶᠢ ᠠᠰᠢᠭᠯᠠᠵᠤ᠂ ᠨᠠᠷᠢᠯᠢᠭ ᠰᠠᠶᠢᠬᠠᠨ ︽ᠬᠠᠷᠮᠠᠨ ᠴᠡᠴᠡᠷᠯᠢᠭ︾ ᠢ ᠪᠠᠶᠢᠭᠤᠯᠵᠤ᠂ ᠬᠤᠲᠠ ᠶᠢᠨ ᠠᠷᠠᠳ ᠤᠨ ︽ᠴᠣᠩᠬᠤ ᠪᠠᠷ ᠢᠶᠠᠨ ᠨᠣᠭᠤᠭᠠᠨ ᠥᠩᠭᠡ ᠶᠢ ᠣᠯᠵᠤ ᠦᠵᠡᠬᠦ᠂ ᠡᠭᠦᠳᠡ ᠪᠠᠨ ᠭᠠᠷᠪᠠᠯ ᠴᠡᠴᠡᠷᠯᠢᠭ ᠲᠤ ᠬᠦᠷᠬᠦ︾ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶᠢᠨ ᠬᠠᠮᠳᠤ ᠬᠤᠲᠠ ᠶᠢᠨ ᠠᠷᠠᠳ ᠤᠨ ᠵᠤᠭ᠎ᠠ ᠴᠡᠩᠭᠡᠯ ᠳᠤ ᠰᠢᠨ᠎ᠡ ᠭᠠᠵᠠᠷ ᠬᠠᠩᠭᠠᠭᠰᠠᠨ ᠪᠠᠶᠢᠨ᠎ᠠ᠃
    ᠣᠳᠣᠬᠠᠨ ᠳᠤ᠂ ᠤᠯᠠᠭᠠᠨᠬᠤᠲᠠ ᠨᠡᠶᠢᠲᠡ 26 ︽ᠬᠠᠷᠮᠠᠨ ᠴᠡᠴᠡᠷᠯᠢᠭ︾ ᠢ ᠪᠠᠶᠢᠭᠤᠯᠵᠠᠢ᠃  2023 ᠣᠨ ᠳᠤ 9959 ᠲᠦᠮᠡᠨ ᠲᠥᠭᠦᠷᠢᠭ ᠤᠨ ᠪᠡᠯᠡ ᠣᠷᠣᠭᠤᠯᠵᠤ 53 ᠪᠠᠭ᠎ᠠ ᠲᠣᠭᠤᠷᠢᠭ ᠲᠤ ᠥᠭᠡᠷᠡᠴᠢᠯᠡᠯᠲᠡ ᠬᠢᠵᠦ᠂ 33.21 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠶ ᠪᠠᠶᠢᠭᠤᠯᠤᠨ᠂ 4275 ᠡᠷᠦᠬᠡ ᠳᠤ ᠠᠰᠢᠭ ᠬᠦᠷᠲᠡᠭᠡᠵᠦ᠂ ᠰᠡᠳᠭᠢᠯ ᠢ ᠲᠤᠯᠠᠭᠠᠴᠠᠭᠤᠯᠬᠤ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠠᠷᠠᠳ ᠢᠷᠭᠡᠳ ᠤᠨ ᠵᠣᠯ ᠵᠢᠷᠭᠠᠯᠳᠤ ᠲᠥᠷᠥᠭᠳᠡᠯ ᠢ  ᠲᠡᠭᠡᠭᠰᠢᠯᠡᠬᠦᠯᠤᠨ᠂ ᠬᠠᠭᠤᠴᠢᠨ ᠬᠤᠲᠠ ᠶᠢᠨ ᠰᠢᠨ᠎ᠡ ᠬᠡᠷᠡᠯ ᠭᠢᠯᠪᠠᠭ᠎ᠠ ᠶᠢ ᠰᠠᠴᠤᠷᠠᠭᠤᠯᠵᠤ ᠪᠠᠶᠢᠨ᠎ᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号