ᠤᠨᠲᠠᠵᠤ ᠰᠡᠷᠡᠭᠰᠡᠨ ᠤ ᠳᠠᠷᠠᠭ᠎ᠠ᠂ ᠡᠨᠡ ᠳᠥᠷᠪᠡᠨ ᠮᠠᠭᠤ ᠳᠠᠳᠬᠠᠯ ᠢᠶᠠᠨ ᠵᠠᠪᠠᠯ ᠬᠠᠯᠠᠬᠤ ᠬᠡᠷᠡᠭᠲᠡᠶ︕
ᠨᠡᠶᠢᠲᠡᠯᠡᠭᠰᠡᠨ ᠴᠠᠭ᠄
2024/3/22
    1.  ᠬᠡᠷᠪᠡ ᠤᠨᠲᠠᠵᠤ ᠰᠡᠷᠡᠮᠡᠭᠴᠡ ᠪᠠᠷᠢᠨ ᠲᠤᠤᠷ᠎ᠠ ᠪᠠᠨ ᠤᠷᠤ ᠠᠴᠠ ᠪᠠᠨ  ᠪᠠᠭᠤᠪᠠᠯ᠂  ᠶᠡᠭᠡ  ᠲᠠᠷᠢᠬᠢᠨ ᠤ  ᠴᠢᠰᠤᠨ ᠤ ᠬᠠᠩᠭᠠᠯᠲᠠ ᠬᠦᠷᠦᠯᠴᠡᠬᠦ ᠦᠭᠡᠢ ᠪᠣᠯᠵᠤ᠂ ᠰᠠ ᠡᠪᠡᠳᠴᠢᠨ᠂ ᠭᠡᠨᠡᠳᠲᠡ  ᠦᠬᠦᠬᠦ  ᠵᠡᠷᠭᠡ  ᠭᠡᠨᠡᠳᠲᠡ ᠶᠢᠨ  ᠡ᠊ᠨᠳᠡᠯ  ᠠᠮᠠᠷᠬᠠᠨ ᠭᠠᠷᠴᠤ ᠮᠡᠳᠡᠨ᠎ᠡ᠃              ᠰᠠᠨᠠᠭᠤᠯᠤᠮᠵᠢ᠄ ᠰᠠᠶ᠋ᠢ ᠰᠡᠷᠡᠮᠡᠭᠴᠡ᠂ ᠣᠷᠣ ᠳᠡᠭᠡᠷ᠎ᠡ ᠪᠠᠨ 30 ᠰᠧᠺᠦ᠋ᠨ᠋ᠳ᠋ ᠬᠡᠪᠲᠡᠵᠦ᠂ ᠪᠣᠰᠤᠭᠰᠠᠨ ᠤ ᠳᠠᠷᠠᠭ᠎ᠠ 30 ᠰᠧᠺᠦ᠋ᠨ᠋ᠳ᠋ ᠰᠠᠭᠤᠵᠤ᠂ ᠲᠠᠷᠠᠭ᠎ᠠ ᠨᠢ ᠣᠷᠣ ᠶᠢᠨ ᠬᠦᠪᠡᠭᠡ ᠲᠡᠭᠡᠷ᠎ᠡ ᠪᠠᠨ 30  ᠰᠧᠺᠦ᠋ᠨ᠋ᠳ᠋  ᠰᠠᠭᠤᠬᠰᠠᠨ   ᠤ  ᠬᠤᠶᠢᠨ᠎ᠠ  ᠰᠠᠶ᠋ᠢ ᠪᠤᠰᠴᠤ ᠶᠠᠪᠤᠨ᠎ᠠ᠃               2. ᠮᠠᠭᠤ ᠳᠠᠳᠬᠠᠯ ᠬᠤᠶᠠᠷ᠄ ᠪᠣᠰᠤᠭᠰᠠᠨ ᠤ ᠳᠠᠷᠠᠭ᠎ᠠ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ             ᠵᠠᠷᠢᠮ ᠬᠥᠮᠦᠨ ᠥᠷᠯᠥᠭᠡ ᠪᠣᠰᠤᠭᠰᠠᠨ ᠤ ᠳᠠᠷᠠᠭ᠎ᠠ᠂ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ ᠳᠤᠷᠠᠲᠠᠶ ᠪᠠᠶᠢᠳᠠᠭ ᠪᠦᠭᠡᠳ ᠡᠨᠡ ᠨᠢ ᠭᠠᠳᠠᠭᠠᠯᠠᠬᠤ᠂ ᠬᠤᠤᠷ ᠢ ᠭᠠᠳᠠᠭᠰᠢᠯᠠᠭᠤᠯᠬᠤ ᠳᠤ ᠲᠤᠰᠠᠳᠠᠢ ᠭᠡᠵᠦ ᠦᠵᠡᠳᠡᠭ ᠂ ᠦᠨᠡᠨ ᠳᠡᠭᠡᠨ ᠢᠩᠭᠢᠵᠦ ᠬᠢᠬᠦ ᠨᠢ ᠪᠤᠷᠤᠭᠤ ᠶᠤᠮ᠃               ᠰᠠᠨᠠᠭᠤᠯᠤᠮᠵᠢ᠄ ᠥᠷᠯᠥᠭᠡ ᠪᠤᠰᠤᠬᠰᠠᠨ ᠤ ᠨᠢᠭᠡ ᠴᠤᠮᠤ ᠪᠤᠴᠠᠯᠤᠭᠰᠠᠨ ᠤᠰᠤ ᠤᠤᠭᠤᠬᠤ ᠪᠣᠯ ᠬᠠᠮᠤᠭ ᠤᠨ ᠰᠠᠶᠢᠨ ᠰᠣᠩᠭᠤᠯᠲᠠ ᠮᠥᠨ᠃ ᠤᠰᠤ ᠤᠤᠭᠤᠬᠤ ᠳᠠᠭᠠᠨ ᠪᠠᠭ᠎ᠠ ᠬᠡᠮᠵᠢᠶ᠎ᠡ ᠪᠠᠷ ᠣᠯᠠᠨ ᠤᠳᠠᠭ᠎ᠠ  ᠤᠤᠭᠤᠬᠤ  ᠬᠡᠷᠡᠭᠲᠡᠢ᠂  ᠨᠢᠭᠡ ᠯᠡ ᠲᠡᠭᠡᠷ᠎ᠡ ᠲᠡᠩᠳᠡᠭᠦᠦ ᠠᠷᠪᠢᠨ ᠤᠤᠭᠤᠵᠤ ᠪᠣᠯᠬᠤ  ᠦᠭᠡᠢ᠂ ᠤᠤᠭᠤᠬᠤ  ᠤᠰᠤᠨ ᠤ  ᠬᠡᠮᠵᠢᠶ᠎ᠡ ᠶᠢ 100  ᠮᠢᠯᠢᠯᠢᠲᠷ ᠠᠴᠠ ᠬᠡᠲᠦᠷᠡᠭᠦᠯᠵᠦ ᠪᠣᠯᠬᠤ ᠦᠭᠡᠢ᠃               3. ᠮᠠᠭᠤ ᠳᠠᠳᠬᠠᠯ ᠭᠤᠷᠪᠠ᠄ ᠭᠠᠳᠠᠭᠠᠯᠠᠬᠤ ᠳᠠᠭᠠᠨ ᠰᠡᠳᠬᠢᠯ ᠲᠠᠯᠪᠢᠬᠤ ᠦᠭᠡᠢ᠂ ᠬᠡᠲᠦᠷᠬᠡᠶ ᠤᠳᠠᠭᠠᠨ ᠰᠠᠭᠤᠬᠤ               ᠥᠷᠯᠥᠭᠡ ᠪᠣᠰᠤᠭᠰᠠᠨ ᠤ ᠳᠠᠷᠠᠭ᠎ᠠ ᠪᠦᠳᠦᠭᠦᠨ ᠭᠡᠳᠡᠰᠦᠨ ᠤ ᠬᠥᠳᠡᠯᠭᠡᠭᠡᠨ ᠨᠡᠯᠢᠶᠡᠳ ᠬᠥᠭᠵᠢᠶᠡᠨ ᠲᠠᠢ  ᠪᠠᠶᠢᠳᠠᠭ᠂ ᠴᠥᠭᠡᠨ ᠪᠤᠰᠤ ᠬᠥᠮᠦᠨ ᠨᠢ ᠡᠨᠡ ᠦᠶ᠎ᠡ ᠳᠤ ᠭᠠᠳᠠᠭᠠᠯᠠᠳᠠᠭ᠂ ᠢᠩᠭᠢᠵᠦ ᠬᠢᠬᠦ ᠨᠢ ᠵᠥᠪ ᠶᠤᠮ᠃ ᠭᠡᠪᠡᠴᠦ ᠵᠠᠷᠢᠮ ᠬᠥᠮᠦᠨ ᠨᠢ ᠭᠠᠳᠠᠭᠠᠯᠠᠬᠤ ᠳᠠᠭᠠᠨ ᠭᠠᠷ ᠤᠲᠠᠰᠤ ᠨᠠᠭᠠᠳᠴᠤ᠂ ᠵᠣᠷᠯᠣᠩ ᠳᠤ ᠬᠠᠭᠠᠰ ᠴᠠᠭ ᠢᠶᠠᠷ ᠰᠠᠭᠤᠳᠠᠭ᠂ ᠢᠩᠭᠢᠪᠡᠯ ᠱᠠᠮᠪᠠᠷᠠᠮ ᠤᠯᠵᠤ ᠮᠡᠳᠡᠨ᠎ᠡ᠃ ᠲᠠᠬᠢᠪᠠᠯ ᠭᠠᠳᠠᠭᠠᠯᠠᠬᠤ ᠳᠠᠭᠠᠨ ᠬᠡᠲᠦᠷᠬᠡᠢ ᠬᠦᠴᠦᠯᠡᠵᠦ ᠪᠣᠯᠬᠤ ᠦᠭᠡᠢ᠂ ᠬᠡᠲᠦᠷᠬᠡᠢ ᠬᠦᠴᠦᠯᠡᠪᠡᠯ ᠭᠡᠨᠡᠳᠲᠡ ᠦᠬᠦᠬᠦ᠂ ᠲᠠᠷᠢᠬᠢᠨ ᠤ ᠴᠢᠰᠤᠨ ᠰᠤᠳᠠᠯ ᠳᠡᠯᠪᠡᠷᠡᠬᠦ ᠵᠡᠷᠭᠡ ᠭᠡᠨᠡᠳᠲᠡ ᠶᠢᠨ ᠡ᠊ᠨᠳᠡᠯ ᠭᠠᠷᠴᠤ ᠮᠡᠳᠡᠨ᠎ᠡ᠃               4. ᠮᠠᠭᠤ ᠳᠠᠳᠬᠠᠯ ᠳᠥᠷᠪᠡ᠄ ᠴᠠᠭ ᠲᠠᠭᠠᠨ ᠥᠷᠯᠥᠭᠡᠨ ᠤ ᠬᠤᠭᠤᠯᠠ ᠪᠠᠨ ᠢᠳᠡᠳᠡᠭ ᠦᠭᠡᠢ               ᠥᠷᠯᠥᠭᠡ ᠶᠠᠭᠤᠮ᠎ᠠ ᠬᠤᠭᠤᠯᠠ ᠢᠳᠡᠬᠦ ᠥᠬᠡᠶ ᠪᠤᠶᠤ ᠨᠡᠯᠢᠶᠡᠳ ᠤᠷᠤᠢ ᠥᠷᠯᠥᠭᠡ ᠶᠢᠨ ᠬᠤᠭᠤᠯᠠ ᠪᠠᠨ  ᠢᠳᠡᠬᠦ ᠨᠢ ᠬᠤᠳᠣᠭᠤᠳᠣᠨ ᠡᠪᠡᠳᠴᠢᠨ᠂ ᠰᠥᠰᠥᠨ ᠤ ᠴᠢᠯᠠᠭᠤᠰᠢᠷᠠᠯ ᠤᠨ ᠲᠦᠭᠰᠢᠭᠦᠷᠢ ᠶᠢ ᠨᠡᠮᠡᠭᠳᠡᠭᠦᠯᠳᠡᠭ ᠪᠦᠭᠡᠳ ᠪᠠᠰᠠ ᠮᠠᠷᠢᠶᠠᠯᠠᠬᠤ ᠪᠠ ᠲᠠᠨᠢᠨ ᠮᠡᠳᠡᠬᠦᠶ ᠶᠢᠨ ᠴᠢᠳᠠᠪᠤᠷᠢ ᠶᠢ ᠪᠠᠭᠤᠷᠠᠭᠤᠯᠵᠤ ᠮᠡᠳᠡᠨ᠎ᠡ᠃ 9᠄ 00 ᠴᠠᠭ ᠠᠴᠠ ᠰᠡᠭᠦᠯᠡᠷ ᠥᠷᠯᠥᠭᠡ ᠶᠢᠨ ᠬᠤᠭᠤᠯᠠ ᠢᠳᠡᠵᠦ᠂ 21᠄ 00 ᠴᠠᠭ ᠠᠴᠠ ᠰᠡᠭᠦᠯᠡᠷ ᠣᠷᠣᠢ ᠶᠢᠨ ᠬᠤᠭᠤᠯᠠ ᠢᠳᠡᠬᠦ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠨᠡᠩ ᠥᠨᠳᠥᠷ ᠲᠦᠭᠰᠢᠭᠦᠷᠢ ᠶᠢ ᠠᠪᠴᠢᠷᠠᠵᠦ ᠮᠡᠳᠡᠨ᠎ᠡ᠂ 2 ᠬᠡᠯᠪᠡᠷᠢ ᠶᠢᠨ ᠰᠢᠬᠢᠷ  ᠰᠢᠵᠢᠩ ᠡᠪᠡᠳᠴᠢᠨ ᠳᠤ ᠨᠡᠷᠪᠡᠭᠳᠡᠬᠦ ᠨᠤᠷᠮ᠎ᠠ ᠨᠢ 59 % ᠠᠴᠠ ᠥᠨᠳᠥᠷ ᠪᠠᠶᠢᠳᠠᠭ᠃       ᠰᠠᠨᠠᠭᠤᠯᠤᠮᠵᠢ᠄ ᠥᠷᠯᠥᠭᠡ ᠶᠢᠨ ᠬᠤᠭᠤᠯᠨ ᠪᠠᠨ 7᠄ 00 ᠴᠠᠭ ᠠᠴᠠ 8᠄ 00 ᠴᠠᠭ ᠤᠨ ᠬᠤᠭᠤᠷᠤᠨᠳᠦ ᠢᠳᠡᠪᠡᠯ ᠲᠣᠬᠢᠷᠠᠮᠵᠢᠲᠠᠶ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号