ᠤᠯᠠᠭᠠᠨᠬᠤᠳᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ
ᠨᠡᠶᠢᠲᠡᠯᠡᠭᠰᠡᠨ ᠴᠠᠭ᠄
2024/3/4
   ᠮᠠᠲ᠋ᠧᠷᠢᠶᠠᠯ ᠨᠢᠭᠡ    ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠬᠡᠪᠯᠡᠯ ᠤᠨ ᠡᠬᠡ ᠪᠢᠴᠢᠭ︶    —  2024 ᠣᠨ ᠤ 1 ᠰᠠᠷ᠎ᠠ ᠶᠢᠨ 25 ᠤ ᠡᠳᠦᠷ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ    ᠬᠤᠳᠠ ᠶᠢᠨ ᠳᠠᠷᠤᠭ᠎ᠠ ᠯᠢᠦ ᠢᠦᠢ    ᠲᠥᠯᠥᠭᠡᠯᠡᠭᠴᠢᠳ ᠠ᠋᠄    ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃    2023 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠵᠠᠰᠠᠭ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠳᠣᠣᠷ᠎ᠠ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠᠨ ᠨᠠᠷᠢᠨ ᠲᠠᠩᠰᠠ︾ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︽ᠭᠤᠷᠪᠠᠨ ᠣᠷᠴᠢᠨ ᠲᠣᠭᠤᠷᠢᠨ︾ ᠢ ᠬᠦᠴᠦᠯᠡᠨ ᠰᠠᠶᠢᠵᠢᠷᠠᠭᠤᠯᠵᠤ᠂ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠡᠢ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠬᠡᠢ ᠦᠷᠲᠡᠭ 223.3 ᠳ᠋ᠦᠩᠰᠢᠭᠤᠷ ᠲᠥᠭᠦᠷᠢᠭ ᠲᠤ ᠬᠦᠷᠴᠦ᠂ 6% ᠪᠠᠷ ᠨᠡᠮᠡᠭᠳᠡᠵᠤ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 4.2% ᠢᠶᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 11 ᠳ᠋ᠦᠩᠰᠢᠭᠤᠷ ᠲᠥᠭᠦᠷᠢᠭ ᠪᠡᠶᠡᠯᠡᠭᠦᠯᠵᠦ᠂ 10.3% ᠪᠠᠷ ᠨᠡᠮᠡᠭᠳᠡᠵᠠᠢ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 39 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11.2% ᠢᠶᠠᠷ ᠨᠡᠮᠡᠭᠳᠡᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠤᠰ ᠲᠤᠰ 42191 ᠲᠥᠭᠦᠷᠢᠭ᠂ 24259 ᠲᠥᠭᠦᠷᠢᠭ ᠲᠤ ᠬᠦᠷᠴᠦ᠂ 6.8%᠂ 8.4% ᠪᠠᠷ ᠨᠡᠮᠡᠭᠳᠡᠪᠡ᠃    ᠨᠢᠭᠡ ᠵᠢᠯ ᠤᠨ ᠲᠤᠷᠰᠢ᠂ ᠪᠢᠳᠡ ᠨᠢᠭᠡ ᠪᠦᠯᠦᠭ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠤᠵᠠᠭᠠᠶᠢᠷᠠᠭᠤᠯᠤᠭᠰᠠᠨ ᠬᠥᠭᠵᠢᠯᠲᠡ ᠶᠢᠨ ᠪᠣᠳᠠᠲᠤ ᠶᠠᠪᠤᠳᠠᠯ ᠢ ᠠᠬᠢᠭᠤᠯᠪᠠ    ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠵᠡᠷᠭᠡ ᠪᠠᠷ ᠳᠡᠭᠡᠭᠰᠢᠯᠡᠪᠡ᠃ ᠲᠠᠷᠢᠮᠠᠯ ᠤᠨ ᠲᠠᠯᠠᠪᠠᠶ ᠶᠢ 61.6 ᠲᠦᠮᠡᠨ ᠮᠦ ᠳᠤ ᠲᠣᠭᠲᠠᠪᠤᠷᠢᠵᠢᠭᠤᠯᠵᠤ᠂ ᠭᠠᠷᠤᠯᠲᠠ ᠶᠢ 6.7 ᠳ᠋ᠦᠩᠰᠢᠭᠤᠷ ᠵᠢᠩ ᠳᠤ ᠬᠦᠷᠦᠭᠦᠯᠵᠦ᠂ ᠣᠲᠣ ᠦᠶ᠎ᠡ ᠶᠢᠨ ᠮᠠᠯ ᠠᠵᠤ ᠠᠬᠤᠢ ᠶᠢᠨ ᠭᠡᠭᠡᠨᠳᠡᠯ᠎ᠠ ᠮᠠᠯᠵᠢᠯ ᠤᠨ ᠲᠠᠯᠠᠪᠠᠶ ᠶᠢᠨ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠠᠰᠢᠭᠯᠠᠯᠲᠠ ᠳᠤ ᠣᠷᠣᠭᠤᠯᠵᠤ᠂  ᠰᠠᠶᠢᠨ ᠡᠬᠦᠯᠳᠡᠷ  ᠤᠨ ᠰᠠᠭᠠᠯᠢ ᠶᠢᠨ ᠦᠨᠢᠶ᠎ᠡ ᠶᠢ 4000ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠰᠢᠯᠭᠠᠨ ᠬᠤᠷᠢᠶᠠᠬᠤ ᠶᠢ ᠤᠷᠤᠭᠰᠢᠲᠠᠢ ᠥᠩᠭᠡᠷᠡᠭᠦᠯᠪᠡ᠃ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ︽ᠲᠠᠪᠤᠨ ᠦᠶ᠎ᠡ︾ ᠶᠢᠨ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠴᠦ᠂ ᠪᠣᠰᠤᠭ᠎ᠠ ᠴᠣᠭᠴᠠᠲᠤ ᠠᠮᠤ ᠪᠤᠳᠠᠭ᠎ᠠ ᠨᠥᠭᠡᠴᠡᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠪᠡᠶᠡᠯᠡᠭᠦᠯᠵᠠᠢ᠃ ᠭᠤᠸ ᠶᠢᠨ ᠠᠶᠢᠯ ᠭᠠᠴᠠᠭ᠎ᠠ ᠶᠢᠨ ᠥᠨᠳᠥᠷ ᠪᠠᠷᠢᠮᠵᠢᠶᠠᠲᠤ ᠲᠦᠬᠦᠭᠡᠷᠤᠮᠵᠢᠳᠤ ᠲᠠᠷᠢᠶᠠᠯᠠᠩ ᠤᠨ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠲᠤᠰᠬᠠᠢ ᠠᠰᠢᠭ ᠤᠨ ᠬᠦᠯᠡᠮᠵᠢ᠂ ᠣᠶᠤᠨᠴᠢ ᠳᠤᠮᠳᠠ ᠡᠵᠡᠮᠳᠡᠯ ᠵᠡᠷᠭᠡ ᠰᠢᠨ᠎ᠡ ᠮᠡᠷᠭᠡᠵᠢᠯ ᠢᠶᠠᠷ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠨᠢ ᠪᠥᠬᠦ ᠠᠶᠢᠮᠠᠭ ᠤᠨ ᠲᠦᠬᠦᠭᠡᠷᠤᠮᠵᠢᠳᠤ ᠲᠠᠷᠢᠶᠠᠯᠠᠩ ᠤᠨ ᠰᠢᠨ᠎ᠡ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠲᠠᠯ᠎ᠠ ᠨᠤᠲᠤᠭ ᠤᠨ ᠰᠠᠨ ᠡᠾᠧ ᠰᠢᠨ᠎ᠡ ᠦᠢᠯᠡᠳᠪᠦᠷᠢ ᠶᠢᠨ ᠲᠣᠭᠤᠷᠢᠭ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠰᠢᠶᠠᠨ ᠱᠢ ᠡᠷᠳᠡᠨᠢ ᠰᠢᠰᠢ ᠶᠢᠨ ᠵᠢᠯ ᠤᠨ ᠡᠳ᠋ᠰᠢᠬᠦᠯᠦᠯᠳᠡ ᠶᠢᠨ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠦᠨ᠂ ᠲᠠᠷᠢᠶᠠᠯᠠᠩ ᠤᠨ  ᠪᠦᠳᠤᠭᠡᠭᠳᠡᠬᠦᠨ ᠮᠠᠯ ᠤᠨ ᠠᠰᠢᠭ ᠰᠢᠮ᠎ᠡ ᠢ ᠲᠤᠬᠠᠢ ᠶᠢᠨ ᠭᠠᠵᠠᠷ ᠲᠤᠨᠢ ᠡᠳ᠋ᠰᠢᠬᠦᠯᠤᠨ ᠬᠤᠪᠢᠷᠠᠭᠤᠯᠬᠤ ᠨᠣᠷᠮ᠎ᠠ ᠶᠢ 5% ᠪᠠᠷ ᠨᠡᠮᠡᠭᠳᠡᠬᠦᠯᠪᠡ᠃ ᠪᠣᠬᠢᠷᠲᠤᠯ ᠦᠭᠡᠢ ᠣᠷᠭᠠᠨᠢᠭ ᠠᠵᠤ ᠠᠬᠤᠶᠢᠯᠠᠯ 24 ᠪᠣᠯᠵᠤ ᠨᠡᠮᠡᠭᠳᠡᠪᠡ᠃        ᠠᠵᠤ ᠦᠢᠯᠡᠳᠪᠦᠷᠢ ᠶᠢᠨ ᠠᠵᠤ ᠠᠬᠤᠢ ᠲᠤᠭᠳᠠᠭᠤᠨ ᠤ ᠲᠤᠮᠳᠠ ᠲᠦᠷᠭᠡᠨ ᠤᠷᠤᠭᠰᠢᠯᠠᠪᠠ᠃  ᠠᠵᠤ ᠦᠢᠯᠡᠳᠪᠦᠷᠢ ᠶᠢᠨ ᠦᠢᠯᠡᠳᠬᠦᠨ ᠤ ᠶᠡᠷᠤᠩᠬᠡᠢ ᠥᠷᠲᠡᠭ ᠢ 235.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠡᠪᠴᠢᠶᠠᠵᠢᠯ ᠠᠴᠠ ᠲᠡᠭᠡᠭᠰᠢᠬᠢ ᠠᠵᠤ ᠠᠬᠤᠶᠢᠯᠠᠯ ᠰᠢᠨ᠎ᠡ ᠪᠠᠷ 4 ᠨᠡᠮᠡᠭᠳᠡᠨ᠂ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 21 ᠪᠣᠯᠪᠠ᠃ ᠤᠯᠠᠭᠠᠨᠬᠤᠳᠠ ᠪᠣᠯᠣᠳ ᠲᠡᠮᠦᠷ ᠤᠨ ᠺᠣᠮᠫᠠᠨᠢ ᠶᠢᠨ 1200 ᠪᠣᠰᠤᠭ᠎ᠠ ᠳᠥᠷᠪᠡᠯᠵᠢᠨ ᠮᠧᠲᠷ ᠥᠨᠳᠥᠷ ᠵᠤᠤᠬ᠎ᠠ᠂ 240 ᠲᠡᠭᠰᠢ ᠳᠥᠷᠪᠡᠯᠵᠢᠨ ᠮᠧᠲᠷ ᠰᠢᠲᠠᠭᠠᠨ ᠪᠠᠷᠢᠯᠳᠤᠭᠤᠯᠬᠤ ᠮᠠᠰᠢᠨ ᠵᠡᠷᠭᠡ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ ᠲᠦᠷᠦᠯ ᠵᠦᠢᠯ ᠢ ᠪᠦᠬᠦ ᠲᠠᠯ᠎ᠠ ᠪᠠᠷ ᠠᠰᠢᠭᠯᠠᠯᠲᠠ ᠳᠤ ᠤᠷᠤᠭᠤᠯᠵᠤ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠯᠤᠰ ᠤᠨ ᠲᠡᠷᠢᠭᠦᠨ ᠤ ᠲᠦᠪᠰᠢᠨ ᠳᠤ ᠬᠦᠷᠴᠦ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠪᠡ᠃ ᠲᠠᠮᠠᠬᠢᠨ ᠤ ᠦᠢᠯᠡᠳᠪᠦᠷᠢ ᠶᠢᠨ ᠨᠢᠭᠡᠳᠦᠭᠡᠷ᠂ ᠬᠤᠶᠠᠳᠤᠭᠠᠷ ᠲᠦᠷᠦᠯ ᠤᠨ ᠲᠠᠮᠠᠬᠢᠨ ᠤ ᠡᠵᠡᠯᠡᠬᠦ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠦᠢᠯᠡᠳᠬᠦᠨ ᠤ ᠦᠷᠳᠡᠭ ᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ ᠶᠢᠨ ᠹᠧᠩ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠠᠶᠢᠮᠠᠭ ᠤᠨ ᠠᠩᠬᠠᠳᠠᠭᠴᠢ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠠᠢ᠃ ᠪᠣᠷᠣᠳᠣᠬᠤᠢ ᠠᠷᠢᠬᠢᠨ ᠤ ᠦᠢᠯᠡᠰ᠂ ᠣᠷᠳᠣᠰ ᠤᠨ ᠢᠮᠠᠭᠠᠨ ᠨᠤᠤᠯᠤᠭᠤᠷ ᠤᠨ ᠦᠢᠯᠡᠳᠪᠦᠷᠢᠯᠡᠯ ᠢ ᠪᠥᠬᠦ ᠲᠠᠯ᠎ᠠ ᠪᠠᠷ ᠰᠡᠷᠭᠦᠭᠡᠵᠦ᠂ ᠰᠤᠯᠠ ᠲᠠᠯᠪᠢᠵᠤ ᠪᠠᠶᠢᠭ᠎ᠠ ᠪᠠᠶᠢᠳᠠᠯ ᠢ ᠠᠮᠢᠯᠠᠭᠤᠯᠤᠨ᠂ ᠦᠷ᠎ᠡ ᠠᠰᠢᠭ ᠢᠶᠠᠷ ᠳᠣᠣᠷ᠎ᠠ ᠡᠬᠢ ᠪᠠᠶᠠᠯᠢᠭ ᠢ ᠢᠯᠡᠳᠲᠡ ᠦᠷ᠎ᠡ ᠪᠦᠲᠦᠮᠵᠢ   ᠲᠠᠢ ᠪᠤᠯᠭᠠᠪᠠ᠃ ᠮᠧᠩ ᠨᠧᠩ ᠢᠯᠴᠢ ᠴᠠᠬᠢᠯᠭᠠᠨ ᠤ ᠰᠢᠩᠭᠡᠨ ᠰᠢᠪᠲᠦᠷ ᠤᠨ ᠥᠭᠡᠷᠡᠴᠢᠯᠡᠯᠲᠡ᠂ ᠰᠢᠤᠸᠠᠢ ᠬᠤᠸᠠ ᠫᠢᠸᠤ᠋ ᠶᠢᠨ ᠣᠶᠤᠨᠴᠢ ᠪᠠᠷ ᠲᠠᠰ ᠳᠡᠪᠰᠢᠭᠦᠯᠬᠦ ᠵᠡᠷᠭᠡ ᠮᠢᠩᠭ᠎ᠠ ᠲᠦᠮᠡᠨ ᠲᠥᠭᠦᠷᠢᠭ ᠠᠴᠠ ᠳᠡᠭᠡᠭᠰᠢᠬᠢ 17 ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠵᠤ᠂ ᠬᠠᠭᠤᠴᠢᠨ ᠠᠵᠤ ᠠᠬᠤᠶᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠪᠠ᠃ ᠮᠧᠩ ᠨᠢᠦ ᠰᠦ ᠶᠢᠨ ᠦᠢᠯᠡᠰ᠂ ᠤᠳᠠᠴᠢ ᠮᠣᠩᠭᠤᠯ ᠡᠮ ᠵᠡᠷᠭᠡ ᠠᠵᠤ ᠠᠬᠤᠶᠢᠯᠠᠯ ᠤᠯᠤᠰ ᠤᠨ ᠲᠠᠰ ᠤᠨ ᠪᠣᠬᠢᠷᠲᠤᠯ ᠦᠭᠡᠢ ᠦᠢᠯᠡᠳᠪᠦᠷᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠳᠠᠪᠠᠭᠤᠯᠢᠭ ᠤᠨ ᠵᠢᠱᠢᠶ᠎ᠡ ᠦᠵᠡᠭᠦᠯᠬᠦ ᠵᠡᠷᠭᠡ ᠣᠷᠣᠨ ᠤ ᠲᠠᠰ ᠠᠴᠠ ᠳᠡᠭᠡᠭᠰᠢᠬᠢ 17 ᠵᠦᠢᠯ ᠤᠨ ᠢᠷᠠᠭᠤ ᠠᠯᠳᠠᠷ ᠢ ᠭᠥᠷᠳᠡᠵᠦ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠲᠠᠰᠤᠷᠠᠯᠲᠠ ᠦᠭᠡᠢ ᠳᠡᠭᠡᠭᠰᠢᠯᠡᠪᠡ᠃    ᠬᠡᠷᠡᠭᠯᠡᠭᠡᠨ ᠤ ᠵᠢᠭᠤᠯᠴᠢᠯᠠᠯ ᠠᠭᠠᠵᠢᠮ ᠢᠶᠠᠷ ᠨᠡᠮᠡᠭᠳᠡᠪᠡ᠃ ᠡᠮᠦᠨ᠎ᠡ ᠬᠤᠳᠠ ᠶᠢᠨ ᠵᠡᠭᠡᠯᠢ ᠶᠢᠨ ᠶᠠᠪᠠᠭᠠᠨ ᠵᠡᠭᠡᠯᠢ  ᠶᠢ ᠨᠡᠭᠡᠭᠡᠵᠦ ᠡᠵᠡᠩᠨᠡᠯᠲᠡ ᠬᠢᠵᠦ᠂ ᠷᠦᠪᠯᠢ ᠣᠷᠣᠰ ᠮᠠᠶ᠋ᠢᠭ ᠤᠨ ᠡᠸᠦ᠋ᠷᠦᠫᠡ ᠬᠤᠭᠤᠯᠠᠨ ᠲᠢᠩᠬᠢᠮ᠂ ᠡᠷᠳᠡᠨᠢ ᠤᠯᠠᠮᠵᠢᠯᠠᠯᠲᠤ ᠬᠠᠯᠠᠭᠤᠨ ᠲᠤᠭᠤᠭ᠎ᠠ ᠵᠡᠷᠭᠡ ᠨᠠᠷᠠᠲᠤ ᠢᠳᠡᠭᠡᠨ ᠤᠮᠳᠠᠭᠠᠨ ᠤ ᠨᠠᠷᠠᠲᠤ ᠲᠦᠷᠤᠯ ᠲᠡᠮᠳᠡᠭ ᠢ ᠦᠷᠢᠰᠤᠯᠳᠤᠬᠦᠯᠤᠨ ᠤᠷᠤᠭᠤᠯᠤᠨ ᠠᠪᠴᠢᠷᠠᠵᠤ᠂ ᠬᠤᠲᠠ ᠶᠢᠨ  ᠠᠷᠠᠳ ᠤᠨ ᠰᠡᠯᠡᠭᠦᠴᠡᠯ᠂ ᠵᠢᠭᠤᠯᠴᠢᠯᠠᠯ ᠤᠨ ᠭᠠᠵᠠᠷ ᠪᠤᠯᠭᠠᠭᠰᠠᠨ ᠪᠠᠶᠢᠨ᠎ᠠ᠃ ᠡᠤ ᠢ ᠰᠥᠨᠢ ᠶᠢᠨ ᠵᠠᠬ᠎ᠠ ᠳᠡᠯᠭᠡᠭᠦᠷ ᠢ ᠲᠠᠰ ᠳᠠᠪᠰᠢᠬᠦᠯᠵᠤ᠂ ᠰᠠᠨ ᠾᠧ ᠰᠢᠷᠠᠯᠭ᠎ᠠ ᠶᠢᠨ ᠲᠠᠯᠠᠪᠠᠶ ᠡᠵᠡᠩᠨᠡᠯᠲᠡ ᠪᠠᠨ ᠡᠬᠢᠯᠡᠭᠦᠯᠵᠦ᠂ ᠤᠯᠠᠭᠠᠨᠬᠤᠳᠠ ᠶᠢᠨ ᠰᠥᠨᠢ ᠶᠢᠨ ᠵᠠᠬ᠎ᠠ ᠳᠡᠯᠭᠡᠭᠦᠷ ᠤᠨ ︽ᠡᠳᠤᠷ ᠲᠤᠳᠤᠮ ᠤᠨ ᠬᠡᠷᠡᠭᠯᠡᠭᠡ ᠮᠠᠶᠢᠮᠠᠢ︾  ᠶᠢ ᠬᠦᠭᠵᠢᠶᠠᠨ ᠲᠠᠢ ᠪᠤᠯᠭᠠᠪᠠ᠃ ᠰᠢᠨ ᠶᠤᠸᠠᠢ ᠬᠤᠢ ᠡᠬᠦᠳᠡ ᠪᠠᠨ ᠨᠡᠭᠡᠭᠡᠵᠤ ᠡᠵᠡᠩᠨᠡᠯᠳᠡ ᠬᠢᠭᠰᠡᠨ ᠠᠴᠠ ᠸᠠᠨ ᠳ᠋ᠠ ᠬᠤᠳᠠᠯᠳᠤᠭᠠᠨ ᠤ ᠲᠣᠭᠤᠷᠢᠭ ᠤᠨ ᠬᠦᠮᠤᠰ ᠤᠨ ᠴᠤᠭᠯᠠᠷᠠᠯ ᠢ ᠳᠠᠶᠢᠴᠢᠯᠠᠵᠤ᠂ ᠥᠪᠡᠷᠲᠡᠭᠡᠨ ᠵᠠᠰᠠᠬᠤ ᠣᠷᠣᠨ ᠤ 2 ᠲᠦᠷᠦᠭᠦᠦ  ᠬᠤᠳᠠᠯᠳᠤᠭᠠᠨ ᠤ ᠲᠠᠯᠠᠪᠤᠷ ᠤᠯᠠᠭᠠᠨᠬᠤᠳᠠ ᠳᠤ ᠨᠤᠲᠤᠭᠰᠢᠵᠤ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ  ᠬᠤᠳᠠ ︵ᠰᠢᠶᠠᠨ ︶ ᠪᠠᠷ ᠵᠥᠪᠰᠢᠶᠡᠷᠡᠭᠳᠡᠪᠡ᠃ ᠡᠸᠤ ᠶᠠ ᠬᠤᠳᠠᠯᠳᠤᠭᠠᠨ ᠤ ᠲᠠᠯᠠᠪᠤᠷ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠳᠠᠯᠳᠤᠭᠠᠨ ᠤ ᠲᠤᠭᠤᠷᠢᠭ ᠢᠶᠠᠷ ᠦᠨᠡᠯᠡᠭᠳᠡᠵᠤ᠂ ᠪᠥᠸᠧ ᠶᠤᠸᠠᠨ ᠯᠠᠨ ᠬᠠᠢ᠂ ᠬᠤᠷᠴᠢᠨ ᠮᠣᠩᠭᠤᠯ ᠬᠤᠭᠤᠯᠠ ᠵᠡᠷᠭᠡ 12 ᠨᠢ ᠲᠦᠷᠦᠬᠦᠤ ᠪᠦᠯᠦᠭ ︽ᠥᠪᠥᠷ ᠮᠣᠩᠭᠤᠯ ᠤᠨ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠵᠦ᠂ ᠬᠤᠩ ᠰᠢᠩ ᠮᠧᠶ ᠺᠠᠢ ᠯᠦᠩ᠂ ᠵᠢᠤᠢ ᠷᠠᠨ ᡁᠢ ᠵᠢᠶᠠ ᠵᠡᠷᠭᠡ 4 ᠬᠤᠳᠠᠯᠳᠤᠭᠠᠨ ᠤ ᠲᠠᠯᠠᠪᠤᠷ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠬᠤᠳᠠᠯᠳᠤᠭᠠᠨ ᠤ ᠳᠡᠯᠭᠡᠭᠦᠷ ᠢᠶᠠᠷ ᠦᠨᠡᠯᠡᠭᠳᠡᠵᠦ᠂ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ ᠳᠡᠯᠪᠡᠭ ᠪᠣᠯᠪᠠ᠃ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠦᠷᠭᠦᠯᠵᠢᠯᠡᠨ ᠳᠡᠭᠡᠭᠰᠢᠯᠡᠵᠦ᠂ ᠮᠠᠰᠢᠨ ᠲᠡᠷᠭᠡᠨ ᠤ ᠠᠷᠠᠯᠵᠢᠶ᠎ᠠ᠂ ᠪᠦᠬᠦᠯᠢ ᠴᠣᠭᠴᠠ ᠶᠢᠨ ᠭᠡᠷ ᠤᠨ ᠴᠢᠮᠡᠭᠯᠡᠯ ᠵᠡᠷᠭᠡ ᠠᠵᠢᠯ ᠲᠥᠷᠥᠯ ᠲᠣᠭᠲᠠᠭᠤᠨ ᠢᠶᠠᠷ ᠨᠡᠮᠡᠭᠳᠡᠨ᠂ 165 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠪᠡ᠃ ᠭᠡᠭᠡᠨᠰᠦ᠋ᠮ᠎ᠠ ᠶᠢᠨ ᠠᠮᠲᠠᠲᠤ ᠢᠳᠡᠭᠡᠨ ᠤ ᠵᠡᠭᠡᠯᠢ᠂ ᠨᠠᠷᠠᠲᠤ ᠮᠣᠷᠢᠨ ᠤ ᠣᠷᠳᠣᠨ ᠡᠵᠡᠩᠨᠡᠯᠲᠡ ᠳᠤ ᠣᠷᠣᠵᠤ᠂ ᠰᠠᠨ ᠾᠧ ᠶᠠᠪᠠᠭᠠᠨ ᠵᠡᠭᠡᠯᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠨᠠᠩ ᠲᠡᠭᠦᠯᠳᠡᠷᠵᠢᠵᠦ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠪᠣᠶᠢᠵᠢᠭᠤᠯᠬᠤ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠭᠳᠡᠵᠦ᠂ ᠪᠥᠬᠦ ᠵᠢᠯ ᠤᠨ ᠵᠤᠭᠠᠴᠠᠭᠰᠠᠳ ᠤᠨ ᠲᠤᠭ᠎ᠠ᠂ ᠵᠢᠭᠤᠯᠴᠢᠯᠠᠯ ᠤᠨ ᠣᠷᠣᠯᠭ᠎ᠠ ᠲᠣᠰ ᠲᠣᠰ 22.8%᠂ 14.6% ᠪᠠᠷ ᠨᠡᠮᠡᠭᠳᠡᠪᠡ᠃    ᠨᠢᠭᠡ ᠵᠢᠯ ᠤᠨ ᠲᠤᠷᠰᠢ᠂ ᠪᠢᠳᠡ ᠨᠢᠭᠡ ᠪᠦᠯᠦᠭ ᠣᠷᠴᠢᠨ ᠲᠣᠭᠤᠷᠢᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠳᠠᠲᠤ ᠶᠠᠪᠤᠳᠠᠯ ᠢ ᠪᠦᠲᠦᠭᠡᠪᠡ᠃    ᠬᠤᠳᠠ ᠶᠢᠨ ᠡᠨᠧᠷᠭᠢ ᠶᠢᠨ ᠲᠡᠰ ᠪᠦᠬᠦ ᠲᠠᠯ᠎ᠠ ᠪᠠᠷ ᠲᠡᠭᠡᠭᠰᠢᠯᠡᠪᠡ᠃ ᠬᠤᠳᠠ ᠶᠢᠨ ᠬᠤᠶᠢᠲᠤ ᠲᠠᠯ᠎ᠠ ᠶᠢᠨ ᠶᠡᠭᠡ ᠵᠠᠮ ᠤᠨ ᠵᠡᠭᠡᠯᠢ ᠥᠩᠭᠡᠷᠡᠬᠦ ᠬᠥᠭᠦᠷᠭᠡ᠂ ᠡᠮᠦᠨ᠎ᠡ ᠵᠡᠭᠡᠯᠢ ᠶᠢᠨ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠢᠨ ᠾᠧ ᠵᠠᠮ ᠤᠨ ᠳᠠᠭᠠᠤ᠂ ᠶᠤᠸᠠᠢ ᠯᠠᠨ ᠠᠭᠤᠳᠠᠮ ᠲᠠᠯᠠᠪᠠᠢ ᠵᠡᠷᠭᠡ ᠵᠠᠳᠠᠭᠠᠢ ᠭᠠᠵᠠᠷ ᠢ 15 ᠲᠦᠮᠡᠨ ᠲᠡᠭᠰᠢ ᠳᠥᠷᠪᠡᠯᠵᠢᠨ ᠮᠧᠲᠷ ᠵᠠᠰᠠᠵᠤ᠂ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ ᠤᠯᠠᠮ ᠢᠯᠡᠭᠦᠦ ᠦᠷᠭᠡᠳᠭᠡᠪᠡ᠃ ᠡᠯ᠎ᠡ ᠲᠦᠷᠦᠯ ᠤᠨ ᠬᠤᠭᠤᠯᠠᠢ ᠶᠢᠨ ᠲᠣᠣᠷ ᠢ 6.2 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠣᠬᠢᠷ ᠤᠰᠤᠨ ᠤ ᠭᠠᠳᠠᠭᠰᠢᠯᠠᠭᠤᠯᠤᠯᠲᠠ ᠶᠢ ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠦᠷᠭᠡᠵᠠᠢ᠃ 284 ᠢᠵᠢ ᠲᠤᠭᠳᠠᠭᠰᠠᠨ ᠬᠤᠭᠤᠴᠠᠭᠠᠨ ᠳᠠᠭᠠᠨ ᠲᠤᠰᠢᠶᠠᠭᠰᠠᠨ ᠠᠰᠠᠷ ᠢ ᠠᠰᠢᠭᠯᠠᠯᠳᠠ ᠳᠤ ᠤᠷᠤᠭᠤᠯᠵᠤ᠂ ᠾᠧ ᠫᠢᠩ ᠯᠢ᠂ ᠵᠢᠢ ᠴᠢᠩ ᠤᠨ ᠵᠠᠯᠭᠠᠯᠳᠤᠭᠰᠠᠨ ᠣᠷᠣᠨ ᠳᠤ 612 ᠡᠷᠦᠬᠡ ᠶᠢ ᠪᠤᠴᠠᠭᠠᠨ ᠨᠡᠭᠦᠯᠭᠡᠵᠦ᠂ ᠣᠯᠠᠨ ᠲᠦᠮᠡᠨ ᠰᠢᠨ᠎ᠡ ᠣᠷᠣᠨ ᠰᠠᠭᠤᠴᠠ ᠳᠤ ᠪᠠᠨ ᠪᠠᠶᠠᠷ ᠬᠥᠷ ᠲᠠᠢ ᠪᠠᠷ ᠨᠡᠭᠦᠪᠡ᠃ ᠰᠢᠨ ᠶᠤᠸᠠᠢ ᠴᠧᠩ᠂ ᠰᠢᠩ ᠾᠧ ᠭᠦᠸᠧ ᠵᠢᠢ ᠬᠤᠶᠠᠳᠤᠭᠠᠷ ᠬᠤᠭᠤᠴᠠᠭᠠᠨ ᠤ 24 ᠰᠢᠯᠢᠳᠡᠭ ᠪᠦᠯᠬᠦᠮ᠂ 193 ᠲᠦᠮᠡᠨ ᠲᠡᠭᠰᠢ ᠳᠥᠷᠪᠡᠯᠵᠢᠨ ᠮᠧᠲᠷ ᠤᠷᠤᠨ ᠰᠠᠭᠤᠴᠠ ᠶᠢ ᠴᠢᠨᠠᠷ ᠰᠠᠶᠢᠳᠠᠢ ᠪᠦᠲᠦᠭᠡᠨ ᠪᠠᠶᠢᠭᠤᠯᠵᠤ᠂ ᠬᠢᠩᠭᠠᠨ ᠨᠢᠭᠡᠳᠦᠭᠡᠷ ᠪᠠᠭ᠎ᠠ ᠲᠣᠭᠤᠷᠢᠭ᠂ ᠱᠧᠩ ᠯᠢ ᠴᠡᠴᠡᠷᠯᠢᠭ ᠵᠡᠷᠭᠡ 88 ᠬᠠᠭᠤᠴᠢᠨ ᠪᠠᠭ᠎ᠠ ᠲᠣᠭᠤᠷᠢᠭ᠂ 65 ᠲᠦᠮᠡᠨ ᠲᠡᠭᠰᠢ ᠳᠥᠷᠪᠡᠯᠵᠢᠨ ᠮᠧᠲᠷ ᠤᠨ ᠠᠰᠠᠷ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠨᠠᠩ ᠰᠠᠶᠢᠨ ᠣᠷᠣᠰᠢᠨ ᠰᠠᠭᠤᠬᠤ ᠶᠢ ᠪᠡᠶᠡᠯᠡᠭᠦᠯᠵᠠᠢ᠃ ᠰᠢᠨ᠎ᠡ ᠡᠨᠧᠷᠭᠢ ᠶᠢᠨ 15 ᠴᠠᠬᠢᠯᠭᠠᠨ ᠴᠡᠨᠡᠭᠯᠡᠬᠦ ᠦᠷᠳᠡᠭᠡ᠂ 162 ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠵᠤ᠂ ᠤᠯᠠᠨ ᠲᠦᠮᠡᠨ ᠤ ᠰᠢᠭᠤᠳ ᠰᠢᠯᠤᠭᠤᠨ ᠶᠠᠪᠤᠵᠤ ᠰᠠᠭᠤᠬᠤ ᠶᠢ ᠪᠠᠲᠤᠯᠠᠪᠠ᠃ ᠳᠤᠯᠠᠭᠠᠯᠭ᠎ᠠ ᠶᠢᠨ ᠭᠤᠣᠯ ᠬᠠᠮᠢᠶᠠᠷᠤᠯᠲᠠ ᠶᠢᠨ ᠲᠣᠣᠷ ᠢ 1.2 ᠺᠢᠯᠣᠮᠧᠲᠷ ᠥᠭᠡᠷᠡᠴᠢᠯᠡᠵᠦ᠂ ᠢᠯᠴᠢ ᠰᠤᠯᠢᠬᠤ ᠦᠷᠳᠡᠭᠡ ᠶᠢ 318 ᠤᠬᠢᠶᠠᠨ ᠴᠡᠪᠡᠷᠯᠡᠵᠦ᠂ ᠵᠢᠨᠱᠠᠨ ᠰᠠᠭᠤᠭᠠᠯᠢ ᠠᠷᠠᠳ ᠤᠨ ᠲᠤᠭᠤᠷᠢᠭ ᠲᠠᠢ ᠵᠠᠯᠭᠠᠯᠳᠤᠭᠰᠠᠨ ᠣᠷᠣᠨ ᠤ ᠪᠠᠶᠢᠰᠢᠩ ᠭᠡᠷ ᠤᠨ ᠲᠣᠭᠤᠷᠢᠭ ᠤᠨ ᠲᠥᠪᠯᠡᠷᠡᠭᠦᠯᠦᠨ ᠳᠤᠯᠠᠭᠠᠯᠭ᠎ᠠ ᠶᠢ ᠥᠭᠡᠷᠡᠴᠢᠯᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠠᠷᠠᠳ ᠢᠷᠭᠡᠳ ᠤᠨ ᠳᠤᠯᠠᠭᠠᠯᠭ᠎ᠠ ᠶᠢᠨ  ᠠᠰᠠᠭᠤᠳᠠᠯ ᠢ ᠰᠢᠢᠳᠪᠤᠷᠢᠯᠡᠬᠦ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠳᠤᠯᠠᠭᠠᠯᠭ᠎ᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠬᠤᠪᠢᠰᠬᠠᠯᠳᠤ ᠠᠳᠠᠯ ᠠᠬᠤᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠡᠮᠡᠭᠳᠡᠭᠡᠳ 519 ᠪᠣᠯᠵᠤ᠂ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 99% ᠳᠤ ᠬᠦᠷᠴᠦ᠂ ᠲᠤᠷᠰᠢᠯᠭ᠎ᠠ ᠪᠠ ᠠᠷᠭ᠎ᠠ ᠬᠢᠳᠡᠯ ᠢ ᠪᠥᠬᠦ ᠣᠷᠣᠨ ᠳᠤ ᠳᠡᠯᠭᠡᠷᠡᠭᠦᠯᠪᠡ᠃ ᠪᠥᠬᠦ ᠠᠶᠢᠮᠠᠭ ᠲᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠬᠤ ᠶᠢ ᠡᠩ ᠲᠡᠷᠢᠭᠦᠨ ᠳᠤ ᠪᠡᠶᠡᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠵᠤ ᠰᠢᠯᠭᠠᠨ ᠠᠪᠬᠤ ᠶᠢ ᠤᠷᠤᠭᠰᠢᠲᠠᠢ ᠥᠩᠭᠡᠷᠡᠭᠦᠯᠪᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭ᠎ᠠ ᠵᠢᠷᠭᠤᠳᠤᠭᠠᠷ  ᠪᠠᠷᠢᠭᠠᠳᠠ᠂ ᠰᠠᠨ ᠡᡁᠧ ᠲᠣᠰᠬᠤᠨ ᠢ ᠲᠡᠰ ᠳᠡᠪᠰᠢᠭᠦᠯᠬᠦ ᠶᠢ ᠪᠡᠶᠡᠯᠡᠭᠦᠯᠵᠦ᠂ ᠲᠣᠰᠬᠤᠨ ᠤ ᠠᠷᠠᠳ ᠭᠡᠷ ᠤᠨ ᠡᠭᠦᠳᠡᠨ ᠳᠤ ᠪᠠᠨ ︽ᠠᠮᠢ ᠠᠬᠤᠢ ᠶᠢᠨ ᠬᠤᠭᠤᠯᠠ︾ ᠢᠳᠡᠬᠦ ᠪᠤᠯᠵᠠᠢ᠃ ᠪᠡᠯᠡ ᠮᠥᠩᠭᠦ ᠶᠢ ᠵᠣᠯᠭᠠᠭᠤᠯᠤᠨ ᠬᠠᠮᠲᠤ ᠶᠢᠨ ᠠᠵᠤ ᠠᠬᠤᠢ ᠶᠢᠨ 22 ᠲᠥᠷᠥᠯ ᠵᠦᠢᠯ ᠢ ᠬᠡᠷᠡᠭᠵᠢᠭᠦᠯᠬᠦ ᠳᠤ ᠬᠦᠴᠦ ᠨᠡᠮᠡᠷᠢᠯᠡᠵᠦ᠂ ᠬᠠᠮᠲᠤ ᠶᠢᠨ ᠠᠵᠤ ᠠᠬᠤᠢ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ 2000 ᠲᠦᠮᠡᠨ ᠲᠥᠭᠦᠷᠢᠭ ᠬᠥᠷᠪᠡ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢ ᠪᠠᠶᠢᠭᠤᠯᠵᠤ᠂ ᠣᠷᠣᠨ ᠰᠠᠭᠤᠴᠠ ᠶᠢᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠶᠢ ᠲᠤᠷᠰᠢᠨ ᠠᠬᠢᠭᠤᠯᠵᠤ᠂ 3000 ᠭᠠᠷᠤᠢ ᠣᠷᠣᠨ ᠰᠠᠭᠤᠴᠠ ᠶᠢᠨ ᠭᠠᠵᠠᠷ ᠢ ᠴᠢᠯᠦᠭᠡᠲᠡᠢ ᠪᠠᠷ ᠰᠤᠯᠠ ᠲᠠᠯᠪᠢᠵᠤ᠂ ᠣᠷᠣᠨ ᠰᠠᠭᠤᠴᠠ ᠶᠢᠨ ᠭᠡᠷ ᠤᠨ ᠥᠭᠡᠷᠡᠴᠢᠯᠡᠯᠲᠡ ᠶᠢᠨ ᠲᠤᠷᠰᠢᠯᠭ᠎ᠠ ᠪᠠ ᠠᠷᠭ᠎ᠠ ᠬᠢᠳᠡᠯ ᠢ ᠪᠦᠬᠦ ᠤᠯᠤᠰ ᠲᠤ ᠳᠡᠯᠭᠡᠷᠡᠭᠦᠯᠪᠡ᠃ ᠰᠡᠷᠭᠡᠨ ᠤ ᠦ᠋ ᠹᠧᠩ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠤᠨ ᠠᠷᠠᠯᠵᠢᠶᠠᠯᠠᠵᠤ᠂ ᠪᠦᠬᠦ ᠣᠷᠣᠨ ᠳᠤ ᠲᠡᠭ ᠪᠠᠶᠢᠬᠤ ᠰᠢᠪᠳᠤᠯᠤᠯᠳᠠ ᠶᠢ ᠪᠡᠶᠡᠯᠡᠬᠦᠯᠵᠠᠢ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠬᠤᠳᠠ ︵ᠰᠢᠶᠠᠨ︶ ᠪᠠᠷ ᠦᠨᠡᠯᠡᠭᠳᠡᠵᠦ᠂ ᠰᠡᠷᠭᠡᠨ ᠵᠢᠭᠤᠯᠴᠢᠯᠠᠯ ᠤᠨ ᠵᠠᠰᠠᠮᠠᠯ ᠵᠠᠮ᠂ ᠨᠦᠬᠦᠷᠯᠡᠯ ᠶᠡᠭᠡ ᠬᠥᠭᠦᠷᠭᠡ᠂  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠵᠠᠮ ᠤᠨ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ 202 ᠰᠠᠭᠤᠷᠢ 5G ᠶᠢᠨ ᠰᠠᠭᠤᠷᠢ ᠥᠷᠲᠡᠭᠡ ᠶᠢ ᠪᠠᠶᠢᠭᠤᠯᠤᠨ ᠲᠠᠭᠤᠰᠬᠠᠵᠤ ᠠᠰᠢᠭᠯᠠᠯᠲᠠ ᠳᠤ ᠣᠷᠣᠭᠤᠯᠤᠨ᠂ ᠪᠦᠷᠬᠦᠴᠡ ᠶᠢᠨ ᠨᠣᠷᠮ᠎ᠠ ᠨᠢ 80% ᠶᠢ ᠳᠠᠪᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠪᠡ᠃ ᠰᠢᠶᠠᠩ ᠶᠠᠩ᠂ ᠦ᠋ ᠰᠢᠩ ᠬᠤᠭ ᠨᠣᠪᠰᠢ ᠳᠠᠮᠵᠢᠭᠤᠯᠬᠤ ᠦᠷᠳᠡᠭᠡ ᠶᠢ ᠰᠢᠨ᠎ᠡ ᠪᠠᠷ ᠪᠠᠶᠢᠭᠤᠯᠵᠤ᠂  208 ᠡᠷᠦᠬᠡ  ᠶᠢᠨ ᠵᠤᠷᠯᠤᠩ ᠢ ᠤᠰᠤ ᠪᠠᠷ ᠤᠬᠢᠶᠠᠬᠤ ᠪᠠᠷ ᠥᠭᠡᠷᠡᠴᠢᠯᠡᠨ ᠵᠠᠰᠠᠵᠤ᠂ ᠪᠣᠬᠢᠷ ᠤᠰᠤᠨ ᠤ ᠬᠤᠭᠤᠯᠠᠢ ᠶᠢᠨ ᠱᠤᠭᠤᠮ ᠢ 9400 ᠮᠧᠲᠷ ᠳᠡᠪᠢᠰᠴᠦ᠂ ᠪᠦᠬᠦ ᠤᠯᠤᠰ ᠤᠨ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢᠨ ᠲᠡᠷᠢᠭᠦᠨ ᠤ  ᠬᠤᠳᠠ ︵ᠰᠢᠶᠠᠨ ︶   ᠪᠠᠷ ᠦᠨᠡᠯᠡᠭᠳᠡᠪᠡ᠃     ᠠᠮᠢ ᠠᠬᠤᠢ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ 60 ᠬᠠᠶᠠᠭᠳᠠᠮᠠᠯ ᠠᠭᠤᠷᠬᠠᠢ ᠶᠢ ᠵᠠᠰᠠᠨ ᠰᠡᠷᠭᠦᠭᠡᠵᠦ᠂ 70 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢ ᠬᠠᠮᠠᠭᠠᠯᠠᠨ ᠰᠠᠪᠠ ᠭᠠᠵᠠᠷ ᠢ ᠵᠠᠰᠠᠵᠤ᠂ ᠥᠷᠭᠡᠰᠦᠲᠦ ᠴᠡᠴᠡᠭᠲᠦ ᠯᠤᠤᠳᠤ ᠴᠡᠴᠡᠭ ᠵᠡᠷᠭᠡ ᠭᠠᠳᠠᠨ᠎ᠠ ᠠᠴᠠ ᠣᠷᠣᠵᠤ ᠢᠷᠡᠭᠰᠡᠨ 3000 ᠮᠤ᠋ ᠤᠷᠭᠤᠮᠠᠯ ᠢ ᠴᠡᠪᠡᠷᠯᠡᠨ ᠠᠷᠢᠯᠭᠠᠵᠤ᠂ 8.2 ᠲᠦᠮᠡᠨ ᠮᠣ᠋ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠵᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢᠨ ᠰᠠᠭᠤᠷᠢ ᠥᠩᠭᠡ ᠶᠢ ᠤᠯᠠᠮ ᠠᠴᠠ ᠤᠯᠠᠮ ᠭᠡᠷᠡᠯᠳᠦᠬᠦᠯᠪᠡ᠃ ᠲᠤᠩᠭᠠᠯᠠᠭ ᠡᠳᠦᠷ ᠤᠨ ᠲᠤᠭ᠎ᠠ ᠶᠢ 97% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ 60 ᠲᠦᠮᠡᠨ ᠮᠦ ᠲᠠᠷᠢᠶᠠᠨ ᠭᠠᠵᠠᠷ ᠢ ᠪᠣᠬᠢᠷᠲᠤᠯ ᠦᠭᠡᠢ ᠰᠡᠷᠭᠡᠶᠢᠯᠡᠨ ᠵᠠᠰᠠᠵᠤ᠂ ᠲᠤᠭᠤᠷ  ᠤᠨ ᠭᠤᠣᠯ ᠤᠨ ᠤᠰᠤᠨ ᠤ ᠴᠠᠷᠠᠭ᠎ᠠ ᠶᠢᠨ ᠨᠠᠩᠬᠢᠶᠠᠳ ᠡᠪᠡᠰᠦ ᠶᠢ 300 ᠮᠦ ᠴᠡᠪᠡᠷᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠣᠯᠪᠠ᠃ ᠠᠮᠢ ᠠᠬᠤᠢ ᠶᠢᠨ ᠥᠷᠲᠡᠭ ᠤᠨ ᠬᠤᠪᠢᠷᠠᠭᠤᠯᠤᠯᠲᠠ ᠶᠢ ᠶᠡᠬᠡᠪᠡᠷ ᠠᠬᠢᠭᠤᠯᠵᠤ᠂ ᠵᠢᠭᠠᠷᠲᠤ ᠨᠠᠷᠠᠰᠤ ᠶᠢ 4000 ᠮᠦ ᠤᠯᠠᠭᠠᠨ ᠨᠠᠷᠠᠰᠤ ᠲᠠᠢ ᠵᠠᠯᠭᠠᠵᠤ᠂ ᠨᠤᠭᠤᠭᠠᠷᠠᠭᠤᠯᠬᠤ ᠪᠠ ᠪᠠᠶᠠᠵᠢᠭᠤᠯᠬᠤ ᠬᠤᠤᠰ ᠠᠮᠵᠢᠯᠳᠠ ᠶᠢ ᠪᠡᠶᠡᠯᠡᠭᠦᠯᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠦᠷ᠎ᠡ ᠠᠰᠢᠭ ᠨᠢ ᠮᠢᠩᠭᠠᠨ ᠲᠦᠮᠡᠨ ᠲᠥᠭᠦᠷᠢᠭ ᠢ ᠳᠠᠪᠠᠪᠠ᠃ ᠠᠩᠬᠠᠳᠠᠭᠴᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠵᠢᠩᠬᠢᠨᠢ ᠪᠠᠷ ᠡᠵᠡᠩᠨᠡᠯᠲᠡ ᠳᠤ ᠣᠷᠣᠵᠤ᠂ ᠬᠤᠲᠠ ᠶᠢᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠦᠬᠦᠨ ᠢ ᠬᠠᠮᠤᠷᠪᠠ᠃ ᠨᠢᠭᠡ ᠵᠢᠯ ᠤᠨ ᠲᠤᠷᠰᠢ᠂ ᠪᠢᠳᠡ ᠠᠷᠠᠳ ᠲᠤ ᠠᠰᠢᠭ ᠬᠦᠷᠲᠡᠭᠡᠬᠦ ᠠᠷᠠᠳ ᠲᠤ ᠲᠥᠬᠦᠮ ᠦᠵᠡᠭᠦᠯᠬᠦ‍ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃    ᠠᠷᠠᠳ ᠲᠦᠮᠡᠨ ᠳᠤ ᠪᠤᠶᠠᠨ ᠤᠶᠢᠯᠡᠳᠴᠤ ᠲᠦᠭᠡᠮᠡᠯ ᠬᠠᠷᠠᠭᠠᠯᠵᠠᠯ ᠢ ᠬᠦᠷᠳᠡᠭᠡᠪᠡ᠃ ᠳᠥᠷᠪᠡᠳᠦᠭᠡᠷ ᠳᠤᠮᠳᠠᠳᠤ ᠰᠤᠷᠭᠠᠭᠤᠯᠢ᠂ ᠨᠠᠢᠮᠠᠳᠤᠭᠠᠷ ᠳᠤᠮᠳᠠᠳᠤ ᠰᠤᠷᠭᠠᠭᠤᠯᠢ᠂ ᠬᠢᠩᠭᠠᠨ ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠵᠦ᠂ ᠬᠤᠩ ᠶᠦᠨ ᠪᠠᠭ᠎ᠠ ᠰᠤᠷᠭᠠᠭᠤᠯᠢ ᠶᠢᠨ ᠡᠮᠦᠨ᠎ᠡ ᠲᠣᠭᠤᠷᠢᠭ᠂ ᠵᠢᠷᠭᠤᠳᠤᠭᠠᠷ ᠳᠤᠮᠳᠠᠳᠤ ᠰᠤᠷᠭᠠᠭᠤᠯᠢ ᠪᠠ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠨᠠᠩ ᠰᠢᠯᠢᠳᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠪᠦᠬᠦᠯᠢ ᠴᠣᠭᠴᠠ ᠪᠠᠷ ᠳᠡᠭᠡᠭᠰᠢᠯᠡᠭᠦᠯᠪᠡ᠃ ᠬᠤᠩ ᠶᠠᠨ ᠠᠵᠢᠯ ᠤᠨ ᠪᠠᠶᠢᠷᠢ ᠬᠦᠷᠭᠡᠵᠦ ᠠᠵᠢᠯ ᠣᠯᠭᠤᠬᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠠᠮᠵᠢᠯᠲᠠ ᠲᠠᠢ ᠡᠭᠦᠳᠴᠦ᠂ ᠪᠥᠬᠦ ᠠᠶᠢᠮᠠᠭ ᠤᠨ ᠠᠩᠬᠠᠳᠠᠭᠴᠢ ᠬᠥᠳᠡᠯᠮᠦᠷᠢ ᠶᠢᠨ ᠲᠥᠪ ᠤᠨ ᠬᠥᠨᠳᠡᠯᠡᠨ ᠠᠴᠠ ᠲᠠᠰᠤᠯᠬᠤ ᠲᠢᠩᠬᠢᠮ ᠫᠠᠶᠢᠰᠠ ᠡᠯᠭᠦᠨ ᠪᠠᠶᠢᠭᠤᠯᠤᠭᠳᠠᠵᠤ᠂ ᠬᠤᠲᠠ ᠶᠢᠨ ᠲᠠᠰ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠵᠢᠯᠤᠭᠤᠳᠬᠤ ᠲᠥᠪ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ 2 ᠲᠦᠮᠡᠨ ᠬᠥᠮᠥᠨ ᠤᠳᠠᠭ᠎ᠠ ᠶᠢᠨ ᠠᠵᠢᠯ ᠣᠯᠭᠤᠯᠲᠠ ᠶᠢ ᠳᠠᠶᠢᠴᠢᠯᠠᠪᠠ᠃ ᠨᠡᠶᠢᠭᠡᠮ ᠲᠣᠭᠤᠷᠢᠭ ᠤᠨ ᠠᠵᠢᠯᠲᠠᠳ ᠤᠨ ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ ᠤᠨ ᠴᠠᠯᠢᠩ ᠬᠥᠯᠥᠰᠦ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠣᠩᠬᠤᠪᠴᠢ ᠶᠢᠨ ᠵᠢᠱᠢᠶ᠎ᠡ ᠦᠵᠡᠭᠦᠯᠬᠦ ᠴᠡᠭ ᠢᠶᠠᠷ ᠦᠨᠡᠯᠡᠭᠳᠡᠵᠦ᠂ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ 2.2 ᠳ᠋ᠦᠩᠰᠢᠭᠤᠷ ᠲᠥᠭᠦᠷᠢᠭ ᠲᠠᠷᠬᠠᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠨᠠᠩ ᠨᠢᠭᠲᠠ᠂ ᠨᠠᠩ ᠪᠠᠲᠤ ᠰᠦᠯᠵᠢᠪᠡ᠃ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢᠨ ᠲᠠᠪᠤᠨ ᠶᠡᠭᠡ ᠲᠥᠪ ᠤᠨ ᠪᠠᠶᠢᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠪᠦᠬᠦ ᠣᠷᠣᠨ ᠤ ᠠᠩᠬᠠᠳᠠᠭᠴᠢ ᠤᠯᠤᠰ ᠲᠠᠭᠠᠨ ᠦᠢᠯᠡᠳᠪᠦᠷᠢᠯᠡᠭᠰᠡᠨ ᠬᠤᠤ ᠺᠧ CT ᠮᠠᠰᠢᠨ ᠢ ᠣᠷᠣᠭᠤᠯᠤᠨ ᠠᠪᠴᠢᠷᠠᠵᠤ᠂ ᠪᠡᠭᠡᠵᠢᠩ ᠶᠡᠭᠡ ᠰᠤᠷᠭᠠᠭᠤᠯᠢ ᠶᠢᠨ ᠰᠠᠨᠰᠠᠷ ᠤᠨ ᠠᠶᠠᠯᠠᠯ ᠤᠨ ᠲᠥᠪ ᠤᠨ ᠡᠮᠨᠡᠯᠭᠡ ᠶᠢᠨ ᠬᠤᠷᠢᠶ᠎ᠠ ᠵᠡᠷᠭᠡ ᠪᠠᠶᠢᠭᠤᠯᠤᠮᠵᠢ ᠲᠠᠢ ᠲᠤᠰᠬᠠᠢ ᠮᠡᠷᠭᠡᠵᠢᠯᠲᠡᠨ ᠤ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠡᠮ ᠡᠮᠨᠡᠯᠭᠡ ᠶᠢᠨ ᠮᠡᠷᠭᠡᠵᠢᠯ ᠤᠨ ᠲᠦᠪᠰᠢᠨ᠂ ᠦᠢᠯᠡᠴᠢᠯᠡᠭᠡᠨ ᠤ ᠴᠢᠳᠠᠪᠤᠷᠢ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃ ᠬᠤᠲᠠ ᠶᠢᠨ ᠱᠠᠲᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠵᠢᠩᠬᠢᠨᠢ ᠪᠠᠷ ᠠᠵᠢᠯᠯᠠᠭᠤᠯᠵᠤ᠂ ᠪᠠᠯᠭᠠᠰᠤ ᠵᠡᠭᠡᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂  ᠰᠢᠩ ᠹᠦ᠋ ᠬᠤᠭᠤᠯᠠᠨ ᠭᠡᠷ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠠᠰᠤᠵᠢᠯ ᠤᠨ ᠦᠢᠯᠡᠰ ᠤᠨ ᠬᠥᠭᠵᠢᠯᠲᠡ ᠶᠢ ᠪᠥᠬᠦ ᠣᠷᠣᠨ ᠤ ᠰᠢᠯᠢᠳᠡᠭ  ᠡᠩᠨᠡᠭᠡ ᠳᠤ ᠤᠷᠤᠭᠤᠯᠪᠠ ᠃ ︽ᠲᠠᠪᠤ ᠶᠢ ᠤᠷᠤᠭᠤᠯᠬᠤ᠂ ᠲᠠᠪᠤᠨ ᠵᠠᠭᠤ︾ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠤᠯᠤᠰ ᠤᠨ ᠪᠠ ᠣᠷᠣᠨ ᠪᠦᠰᠡ ᠠᠯᠤᠰᠯᠠᠭᠰᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ 200 ᠭᠠᠷᠤᠢ ᠲᠠᠯᠠᠪᠤᠷ ᠳᠠᠭᠠᠭᠠᠴᠢᠯᠠᠨ ᠡᠷᠬᠢᠯᠡᠵᠦ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠥᠷᠨᠢᠩᠭᠦᠢ ᠪᠠᠷ ᠬᠥᠭᠵᠢᠭᠦᠯᠪᠡ᠃    ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠪᠠᠳᠤᠯᠠᠪᠠ᠃ ᠤᠮᠠᠷᠠᠲᠤ ᠬᠢᠯᠢ ᠶᠢᠨ ᠹᠧᠩᠴᠢᠶᠤᠤ · ᠱᠠᠨ ᡁᠢ ᠬᠢᠩᠭᠠᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠰᠢᠯᠭᠠᠯᠲᠠ ᠶᠢ ᠤᠷᠤᠭᠰᠢᠲᠠᠢ ᠥᠩᠭᠡᠷᠡᠭᠦᠯᠪᠡ᠃ ︽ᠣᠶᠤᠨᠲᠤ ᠳᠣᠲᠣᠭᠠᠳᠤ ᠶᠢ ᠬᠠᠮᠠᠭᠠᠯᠠᠬᠤ︾ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠷᠠᠭᠤ ᠠᠯᠳᠠᠷ ᠤᠨ ᠱᠠᠩᠨᠠᠯ ᠢ ᠣᠯᠠᠨᠲᠠ ᠭᠥᠷᠳᠡᠵᠦ᠂ ᠡᠷᠡᠭᠦᠦ ᠶᠢᠨ ᠬᠡᠷᠡᠭ ᠤᠨ ᠡᠭᠦᠰᠦᠯᠲᠡ ᠶᠢ 11.9% ᠪᠠᠷ ᠪᠠᠭᠤᠷᠠᠭᠤᠯᠤᠨ᠂ ᠳᠥᠷᠪᠡᠨ ᠵᠢᠯ ᠳᠠᠷᠠᠭᠠᠯᠠᠨ ᠪᠠᠭᠤᠷᠠᠭᠤᠯᠬᠤ ᠶᠢ ᠪᠡᠶᠡᠯᠡᠭᠦᠯᠵᠦ᠂ ᠲᠣᠭᠠᠴᠢᠯᠠᠭᠰᠠᠨ ᠰᠡᠷᠭᠡᠶᠢᠯᠡᠨ ᠡᠵᠡᠮᠳᠡᠬᠦ ᠲᠣᠭᠲᠠᠴᠠ ᠪᠠᠷ ᠪᠥᠬᠦ ᠵᠢᠯ ᠤᠨ ᠠᠮᠢᠨ ᠬᠡᠷᠡᠭ ᠦᠯᠤ ᠡᠭᠦᠰᠬᠦ ᠦᠭᠡᠢ ᠪᠠᠶᠢᠬᠤ ᠳᠤ ᠬᠦᠴᠦᠨ ᠨᠡᠮᠡᠷᠢᠯᠡᠵᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠪᠥᠬᠦ ᠠᠶᠢᠮᠠᠭ ᠤᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠢᠳᠡᠭᠡᠨ ᠤ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠶᠢ ᠠᠮᠵᠢᠯᠲᠠ ᠲᠠᠢ ᠴᠣᠭᠴᠠᠯᠠᠪᠠ᠃ ᠪᠥᠬᠦ ᠵᠢᠯ ᠤᠨ ᠥᠷᠢ ᠥᠭᠴᠡᠭᠡ ᠶᠢ ᠡᠶᠡᠳᠡᠬᠦᠯᠤᠨ ᠵᠤᠬᠢᠴᠠᠭᠤᠯᠬᠤ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠠᠢ᠃  ᠠᠶᠤᠯᠬᠦᠢ ᠦᠢᠯᠡᠳᠪᠦᠷᠢᠯᠡᠯ ᠤᠨ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠵᠢᠴᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯᠬᠦᠢ ᠦᠢᠯᠡᠳᠪᠦᠷᠢᠯᠡᠯ ᠤᠨ  ᠡ᠊ᠨᠳᠡᠯ ᠭᠠᠷᠤᠭᠰᠠᠨ ᠲᠤᠭ᠎ᠠ᠂  ᠡ᠊ᠨᠳᠡᠭᠰᠡᠳ  ᠤᠨ ᠲᠤᠭ᠎ᠠ ᠶᠢ ᠴᠥᠮ ᠪᠠᠭᠤᠷᠠᠭᠤᠯᠬᠤ ᠶᠢ ᠪᠡᠶᠡᠯᠡᠭᠦᠯᠵᠠᠢ᠃    ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠠᠯ᠎ᠠ ᠪᠠᠷ ᠤᠯᠠᠨ ᠤ ᠰᠡᠳᠬᠢᠯ ᠢ ᠨᠢᠭᠳᠠᠷᠠᠭᠤᠯᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ + N︾ ᠣᠶᠢᠯᠠᠭᠠᠭᠳᠠᠬᠤᠨ ᠤ ᠰᠢᠨ᠎ᠡ ᠶᠢ ᠡᠭᠦᠳᠦᠨ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠵᠡᠷᠭᠡ ᠰᠢᠷᠢᠰ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠲᠦᠷᠦᠭᠦᠯᠡᠨ ᠥᠷᠨᠢᠭᠦᠯᠵᠦ᠂ ᠪᠦᠬᠦ ᠣᠷᠣᠨ ᠤ ᠴᠤᠷ ᠤᠨ ᠭᠠᠭᠴᠠ ᠬᠤᠶᠠᠷ ᠤᠳᠠᠭ᠎ᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠳᠠ ᠪᠠᠷ ᠦᠨᠡᠯᠡᠭᠳᠡᠭᠰᠡᠨ ᠰᠢᠶᠠᠨ ᠤ ᠱᠠᠲᠤᠨ ᠤ ᠬᠤᠳᠠ ᠪᠣᠯᠪᠠ᠃  ᠬᠢᠩᠭᠠᠨ ᠤ  ᠰᠢᠨ᠎ᠡ ᠶᠢ  ᠡᠬᠦᠳᠬᠦ ᠶᠢ ᠬᠦᠳᠤᠯᠤᠨ ᠲᠠᠭᠠᠭᠤᠯᠬᠤ ᠲᠦᠪ ᠡᠭᠦᠳᠡ ᠪᠠᠨ ᠨᠡᠭᠡᠭᠡᠵᠤ ᠡᠵᠡᠩᠨᠡᠯᠳᠡ ᠬᠢᠭᠰᠡᠨ ᠨᠢ᠂ ᠪᠦᠬᠦ ᠣᠷᠣᠨ ᠤ ᠠᠩᠬᠠᠳᠠᠭᠴᠢ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢᠶᠠᠷ ᠭᠤᠣᠯ ᠰᠡᠳᠦᠪ ᠪᠣᠯᠭᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠶᠢᠯᠠᠭᠠᠬᠤ ᠣᠷᠳᠣᠨ ᠪᠣᠯᠵᠠᠢ᠃ ᠬᠥᠬᠡᠬᠤᠲᠠ ᠶᠢᠨ ᠰᠠᠶᠢᠬᠠᠨ ᠲᠣᠭᠤᠷᠢᠭ ᠵᠡᠷᠭᠡ 17 ᠭᠠᠵᠠᠷ ᠣᠷᠣᠨ ᠲᠠᠢ ᠵᠠᠯᠠᠭᠤᠴᠤᠳ ᠪᠠᠭᠠᠴᠤᠳ ᠤᠨ ᠬᠠᠨᠳᠤᠯᠭ᠎ᠠ ᠲᠠᠢ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠠᠷᠢᠴᠠᠭ᠎ᠠ ᠪᠠᠶᠢᠭᠤᠯᠵᠤ᠂ ᠹᠦ᠋ ᠠᠨ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠲᠤᠷᠰᠢᠯᠲᠠ ᠶᠢ ᠠᠮᠵᠢᠯᠲᠠ ᠲᠠᠢ ᠬᠢᠵᠦ᠂ ᠰᠠᠨ ᠾᠧ ᠲᠣᠰᠬᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠪᠠᠷ ᠦᠨᠡᠯᠡᠭᠳᠡᠵᠦ᠂ ︽ᠭᠤᠷᠪᠠᠨ ᠵᠦᠢᠯ ᠤᠨ ᠲᠥᠯᠥᠪᠯᠡᠭᠡ︾ ᠯᠠᠪᠳᠠᠭᠤᠨ ᠪᠠᠲᠤᠲᠠᠢ ᠠᠯᠬᠤᠮ ᠢ ᠠᠯᠬᠤᠪᠠ᠃     ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠳᠦᠷᠢ ᠲᠥᠷᠬᠦ ᠶᠢ ᠳᠡᠭᠡᠭᠰᠢᠯᠡᠭᠦᠯᠬᠦ‍ ᠨᠢᠭᠡ ᠪᠦᠯᠦᠭ ᠰᠠᠶᠢᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠪᠠ᠃    ᠥᠭᠡᠷᠡᠴᠢᠯᠡᠯᠲᠡ ᠨᠡᠭᠡᠭᠡᠯᠲᠡ ᠶᠢ ᠯᠠᠪᠳᠠᠭᠤᠨ  ᠪᠠᠳᠤᠳᠠᠢ ᠪᠠᠷ ᠶᠠᠪᠤᠭᠳᠠᠭᠤᠯᠪᠠ᠃ ︽ᠬᠤᠶᠠᠷ ᠰᠢᠯᠢᠳᠡᠭ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠰᠢᠭᠤ ᠰᠢᠶᠠᠨ ᠤ ᠲᠡᠰ ᠤᠨ 12345 ᠬᠠᠯᠠᠮᠰᠢᠯ ᠤᠲᠠᠰᠤᠨ ᠤ ᠲᠥᠪ ᠢ ᠤᠷᠢᠳᠠᠪᠠᠷ ᠵᠣᠬᠢᠶᠠᠨ ᠪᠠᠶᠢᠭᠤᠯᠵᠤ᠂ ᠮᠤᠵᠢ ︵ᠪᠥᠬᠦ ᠣᠷᠣᠨ︶ ᠠᠯᠤᠰᠯᠠᠨ ᠨᠡᠶᠢᠳᠡᠮ ᠭᠦᠢᠴᠡᠳᠭᠡᠬᠦ ︽ᠨᠠᠶᠢᠵᠠ ᠶᠢᠨ ᠲᠣᠭᠤᠷᠢᠭ︾ ᠢ 8 ᠮᠤᠵᠢ ᠤᠷᠤᠨ ᠬᠤᠲᠠ᠂ 49 ᠭᠠᠵᠠᠷ ᠣᠷᠣᠨ ᠬᠦᠷᠲᠡᠯ᠎ᠡ ᠥᠷᠭᠡᠳᠬᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 4.8 ᠲᠦᠮᠡᠨ ᠡᠷᠦᠬᠡ ᠪᠣᠯᠭᠠᠨ ᠨᠡᠮᠡᠭᠳᠡᠭᠦᠯᠵᠦ᠂ 12% ᠢᠶᠠᠷ ᠨᠡᠮᠡᠭᠳᠡᠭᠦᠯᠵᠠᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ᠂ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ᠂ ᠵᠠᠰᠠᠭ ᠵᠠᠬᠢᠷᠭᠠᠨ ᠤ ᠰᠤᠯᠠ ᠪᠠᠶᠢᠬᠤ ᠭᠡᠷ ᠪᠠᠶᠢᠰᠢᠩ ᠤᠨ ᠢᠷᠡᠯᠲᠡ ᠶᠢ ᠠᠮᠢᠳᠤᠯᠢᠭ ᠠᠰᠢᠭᠯᠠᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠵᠡᠷᠭᠡ ᠲᠤᠷᠰᠢᠯᠭ᠎ᠠ ᠠᠷᠭ᠎ᠠ ᠬᠢᠳᠡᠯ ᠢ ᠪᠥᠬᠦ ᠣᠷᠣᠨ ᠳᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠠᠬᠢᠭᠤᠯᠵᠠᠢ᠃ ᠡᠯᠧᠺᠲᠷᠣᠨ ᠬᠤᠳᠠᠯᠳᠤᠭᠠᠨ ᠤ 15 ᠠᠵᠤ ᠠᠬᠤᠶᠢᠯᠠᠯ ᠢ ᠳᠠᠶᠢᠴᠢᠯᠠᠵᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 19 ᠳ᠋ᠦᠩᠰᠢᠭᠤᠷ ᠲᠥᠭᠦᠷᠢᠭ ᠲᠤ ᠬᠥᠷᠪᠡ᠃ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠬᠤ᠂ 112 ᠲᠥᠷᠥᠯ ᠵᠦᠢᠯ ᠢ ᠣᠷᠣᠭᠤᠯᠤᠨ ᠠᠪᠴᠢᠷᠠᠵᠤ᠂ 96.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 46% ᠪᠠᠷ ᠨᠡᠮᠡᠭᠳᠡᠪᠡ᠃ 62 ᠠᠵᠤ ᠠᠬᠤᠶᠢᠯᠠᠯ ᠤᠨ  ᠦᠵᠡᠰᠬᠦᠯᠡᠩ ᠳᠤ ᠣᠷᠣᠯᠴᠠᠬᠤ᠂ ᠳᠤᠮᠳᠠᠳᠤ ᠮᠣᠩᠭᠤᠯ ᠤᠨ ᠦᠵᠡᠰᠬᠦᠯᠡᠩ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠠᠵᠢᠯᠯᠠᠭ᠎ᠠ ᠳᠤ ᠤᠷᠤᠯᠴᠠᠬᠤ ᠶᠢ ᠵᠣᠬᠢᠶᠠᠨ ᠪᠠᠶᠢᠭᠤᠯᠵᠤ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ 2.3 ᠳ᠋ᠦᠩᠰᠢᠭᠤᠷ ᠲᠥᠭᠦᠷᠢᠭ ᠲᠤ ᠬᠦᠷᠴᠦ᠂ 466% ᠪᠠᠷ ᠨᠡᠮᠡᠭᠳᠡᠪᠡ᠃   ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠬᠰᠠᠨ︾  ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠠᠷᠠᠳᠴᠢᠯᠠᠯ ᠲᠥᠪᠯᠡᠷᠡᠯ ᠤᠨ ᠶᠣᠰᠣ ᠪᠠ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠯ᠎ᠡ ᠱᠠᠲᠤᠨ ᠤ ᠰᠠᠨᠠᠭᠤᠯᠭ᠎ᠠ᠂ ᠰᠠᠨᠠᠯ ᠵᠥᠪᠯᠡᠯᠭᠡ ᠶᠢ 231 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠥᠭᠭᠦᠭᠰᠡᠨ ᠨᠤᠷᠮ᠎ᠠ ᠪᠠ ᠬᠠᠨᠤᠮᠵᠢ ᠶᠢᠨ ᠬᠡᠮᠵᠢᠶ᠎ᠡ 100% ᠳᠤ ᠬᠦᠷᠪᠡ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠳᠡᠯᠭᠡᠷᠡᠭᠦᠯᠵᠦ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠡᠯᠪᠡᠷᠢ ᠲᠠᠢ ᠪᠥᠭᠡᠳ ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠪᠡ᠃    ᠲᠥᠯᠥᠭᠡᠯᠡᠭᠴᠢᠳ ᠠ᠋᠂ ᠡᠲᠡᠭᠡᠷ ᠠᠮᠵᠢᠯᠲᠠ ᠶᠢ ᠣᠯᠣᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠠᠴᠢ ᠲᠤᠰᠠ᠂ ᠪᠥᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠠᠴᠢ ᠲᠤᠰᠠ ᠪᠣᠯᠣᠨ᠎ᠠ᠃ ᠡ᠊ᠨᠳᠡ᠂ ᠪᠢ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠥᠩᠭᠡᠷᠡᠭᠰᠡᠨ ᠳᠤ ᠲᠤᠰᠢᠶᠠᠯ ᠳᠤ ᠪᠠᠶᠢᠭᠰᠠᠨ ᠠᠬᠠᠮᠠᠳ ᠤᠳᠤᠷᠢᠳᠤᠯᠭ᠎ᠠ᠂ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ᠂ ᠰᠢᠭᠤᠳ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ᠂ ᠤᠯᠠᠭᠠᠨᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠥᠬᠦᠳ᠂ ᠨᠠᠶᠢᠵᠠ ᠨᠠᠷ ᠲᠤ᠂ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠲᠥᠯᠥᠭᠡᠯᠡᠭᠴᠢᠳ ᠠ᠋᠂ ᠡᠨᠡ ᠨᠢᠭᠡ ᠵᠢᠯ ᠢ ᠡᠷᠭᠢᠴᠡᠭᠦᠯᠬᠦ ᠳᠤ᠂ ᠪᠢᠳᠡ ᠪᠠᠰᠠ ᠬᠥᠭᠵᠢᠯᠲᠡ ᠶᠢᠨ ᠶᠠᠪᠤᠴᠠ ᠳᠤ ᠵᠠᠷᠢᠮ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠂ ᠡᠭᠦᠨ ᠳᠤ ᠭᠤᠣᠯᠳᠠᠭᠤ᠄ ᠪᠡᠯᠡ ᠣᠷᠣᠭᠤᠯᠤᠯᠲᠠ ᠶᠢᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠣᠯᠠᠨ ᠪᠢᠰᠢ᠂ ᠴᠢᠨᠠᠷ ᠰᠠᠶᠢᠲᠠᠢ ᠬᠥᠭᠵᠢᠯᠲᠡ ᠶᠢᠨ  ᠨᠦᠭᠡᠴᠡ ᠬᠦᠴᠦᠨ ᠴᠢᠩᠭ᠎ᠠ ᠪᠢᠰᠢ︔ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠲᠤ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠵᠣᠬᠢᠬᠤ ᠬᠡᠮᠵᠢᠶ᠎ᠡ ᠪᠠᠷ ᠣᠷᠣᠰᠢᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠲᠦᠷᠭᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠷᠢᠭᠲᠠᠢ ᠪᠠᠷ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠠᠶᠢᠳᠤᠷ ᠰᠢᠢᠳᠪᠦᠷᠢᠯᠡᠬᠦ  ᠴᠢᠬᠤᠯᠠᠳᠠᠢ ᠪᠠᠶᠢᠨ᠎ᠠ᠃     2024 ᠣᠨ ᠤ ᠠᠵᠢᠯ ᠤᠨ ᠬᠠᠷᠠᠯᠲᠠ ᠪᠠ ᠭᠤᠣᠯ ᠡᠭᠦᠷᠭᠡ    ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ  ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠪᠤᠭᠤᠮᠳᠠ ᠰᠢᠪᠳᠤᠯᠬᠤ ᠵᠢᠯ ᠮᠥᠨ᠂ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠂ ᠪᠢᠳᠡ ᠡᠷᠬᠡᠪᠰᠢ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠬᠤ ᠰᠢᠨ᠎ᠡ ᠳᠦᠷᠰᠦ ᠪᠠᠶᠢᠳᠠᠯ ᠢᠶᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠤᠯᠠᠮ ᠨᠢᠭᠡ ᠠᠯᠬᠤᠮ ᠤᠷᠤᠭᠰᠢᠯᠠᠭᠰᠠᠨ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠪᠦᠬᠦ ᠣᠷᠣᠨ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠦᠨ᠂ ︽ᠭᠤᠷᠪᠠ ᠶᠢ ᠲᠣᠭᠲᠠᠭᠤᠨ ᠪᠠᠶᠢᠯᠭᠠᠵᠤ ᠲᠠᠪᠤ ᠶᠢ ᠠᠬᠢᠭᠤᠯᠬᠤ︾ ᠶᠢ ᠦᠷᠭᠦᠯᠵᠢᠯᠡᠨ ᠰᠠᠶᠢᠲᠤᠷ ᠬᠢᠵᠦ᠂ ︽ᠭᠤᠷᠪᠠᠨ ᠣᠷᠴᠢᠨ ᠲᠣᠭᠤᠷᠢᠨ︾ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠤᠯᠠᠭᠠᠨᠬᠤᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠠᠢ᠃    2024 ᠣᠨ ᠳᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 6% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ᠃    ᠳᠡᠭᠡᠷ᠎ᠡ ᠳᠤᠷᠠᠳᠤᠭᠰᠠᠨ ᠰᠡᠳᠬᠢᠴᠡ ᠪᠣᠯᠣᠨ ᠬᠠᠷᠠᠯᠲᠠ ᠶᠢᠨ ᠲᠣᠭᠤᠷᠢᠨ ᠳᠤ᠂ 2024 ᠣᠨ ᠳᠤ᠂ ᠤᠯᠠᠭᠠᠨᠬᠤᠲᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂  ᠳᠣᠣᠷᠠᠬᠢ ᠵᠢᠷᠭᠤᠭᠠᠨ ᠲᠠᠯ᠎ᠠ ᠶᠢᠨ ᠠᠭᠤᠯᠭ᠎ᠠ ᠶᠢ ᠲᠣᠪᠣᠶᠢᠮ᠎ᠠ ᠰᠠᠶᠢᠲᠤᠷ ᠠᠳᠬᠤᠨ᠎ᠠ᠃    ᠨᠢᠭᠡ᠂ ᠬᠥᠭᠵᠢᠯᠲᠡ ᠶᠢᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠎ᠠ    ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ᠎ᠡ᠃ ᠲᠥᠷᠥᠯ ᠵᠦᠢᠯ ᠤᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ᠂ ᠲᠤᠰᠬᠠᠢ ᠠᠩᠭᠢᠯᠠᠨ ᠠᠬᠢᠭᠤᠯᠬᠤ ᠶᠢ ᠬᠡᠷᠡᠭᠵᠢᠭᠦᠯᠵᠦ᠂ 80 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠂ 58 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠰᠠᠶᠢᠨ ᠡᠬᠢᠯᠡᠯᠲᠡ ᠲᠠᠢ᠂ ᠪᠥᠬᠦ ᠵᠢᠯ ᠳᠤ ᠲᠣᠭᠲᠠᠭᠤᠨ ᠪᠠᠶᠢᠬᠤ ᠶᠢ ᠪᠠᠲᠤᠯᠠᠪᠠ᠃ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠬᠡᠯᠬᠢᠶᠡᠰᠤ ᠶᠢ ᠤᠷᠲᠤᠳᠬᠠᠬᠤ᠂ ᠳᠤᠲᠠᠭᠤᠳᠠᠯ ᠢ ᠨᠥᠬᠦᠪᠦᠷᠢᠯᠡᠬᠦ᠂  ᠪᠠᠭᠤᠷᠠᠢ ᠲᠠᠯ᠎ᠠ ᠪᠠᠨ ᠬᠦᠴᠤᠷᠭᠡᠭᠵᠢᠬᠦᠯᠬᠦ ᠰᠠᠶᠢᠨ ᠲᠦᠷᠦᠯ ᠵᠦᠢᠯ ᠢ ᠲᠥᠯᠥᠪᠵᠢᠭᠦᠯᠵᠦ᠂ ᠲᠦᠷᠦᠯ ᠵᠦᠢᠯ ᠤᠨ ᠨᠥᠭᠡᠴᠡ ᠶᠢ 50% ᠪᠠᠷ ᠨᠡᠮᠡᠭᠳᠡᠭᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠪᠠᠶᠢᠳᠠᠯ ᠢ ᠲᠣᠳᠣᠷᠬᠠᠢ ᠣᠶᠢᠯᠠᠭᠠᠵᠤ᠂ ᠬᠥᠭᠵᠢᠯᠲᠡ ᠳᠤ ᠦᠢᠯᠡᠴᠢᠯᠡᠨ᠎ᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠣᠷᠣᠨ ᠢ ᠴᠢᠩᠭ᠎ᠠ ᠠᠩᠬᠠᠷᠴᠤ᠂ ᠲᠤᠬᠠᠢ ᠶᠢᠨ ᠭᠠᠵᠠᠷ ᠠᠴᠠ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠢ ᠲᠠᠲᠠᠬᠤ ᠶᠢ ᠬᠡᠷᠡᠭᠵᠢᠭᠦᠯᠵᠦ᠂ ᠤᠷᠤᠨ ᠠᠯᠤᠰᠯᠠᠭᠰᠠᠨ ᠠᠵᠤ ᠠᠬᠤᠢ᠂ ᠶᠡᠷᠦᠩᠬᠡᠢ ᠬᠡᠯᠲᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠶᠢ ᠪᠦᠬᠦ ᠠᠶᠢᠮᠠᠭ ᠲᠤ ᠤᠷᠢᠳᠠᠪᠠᠷ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠰᠢᠪᠲᠤᠯᠬᠤ ᠪᠠᠷ ᠴᠢᠷᠮᠠᠶᠢᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠣᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ 29 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠣᠯᠬᠤ ᠪᠠᠷ ᠴᠢᠷᠮᠠᠶᠢᠨ᠎ᠠ᠃    ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠎ᠡ᠃ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠬᠦᠯᠢᠶᠡᠨ ᠠᠪᠴᠤ᠂ ᠰᠠᠶᠢᠲᠤᠷ ᠪᠡᠶᠡᠯᠡᠭᠦᠯᠵᠦ᠂ ᠠᠵᠤ ᠠᠬᠤᠢ᠂ ᠠᠮᠢ ᠠᠬᠤᠢ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠵᠡᠷᠭᠡ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠲᠠᠢ ᠪᠣᠯᠵᠤ᠂ ᠨᠡᠩ ᠤᠯᠠᠨ ᠥᠭᠡᠷᠡᠴᠢᠯᠡᠯᠲᠡ ᠶᠢᠨ ᠠᠰᠢᠭ ᠢ ᠭᠠᠷᠭᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠨᠢ ᠨᠡᠩ ᠰᠠᠶᠢᠨ ᠪᠠᠶᠢᠬᠤ ᠠᠴᠠ ᠪᠢᠰᠢ ᠬᠠᠮᠤᠭ ᠤᠨ ᠰᠠᠶᠢᠨ ᠪᠠᠶᠢᠬᠤ ᠦᠭᠡᠢ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯ ᠶᠠᠪᠤᠳᠠᠯ ᠡᠷᠬᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ︽ᠢᠨᠲ᠋ᠧᠷ ᠰᠦᠯᠵᠢᠶ᠎ᠡ + ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ︾ ᠰᠢᠰᠲ᠋ᠧᠮ ᠢ ᠲᠦᠷᠭᠡᠨ ᠪᠠᠶᠢᠭᠤᠯᠵᠤ᠂ ︽ᠮᠤᠵᠢ ︵ᠪᠦᠬᠦ ᠣᠷᠣᠨ︶ ᠠᠯᠤᠰᠯᠠᠨ ᠨᠡᠶᠢᠳᠡᠮ ᠭᠦᠢᠴᠡᠳᠭᠡᠬᠦ + ᠡᠭᠦᠯᠡᠨ ᠵᠣᠯᠭᠠᠯᠴᠠᠭᠠᠨ︾   ᠤ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠥᠭᠵᠢᠯᠲᠡ ᠶᠢ ᠲᠦᠷᠭᠡᠳᠬᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠢᠳᠡᠪᠬᠢᠲᠡᠢ ᠪᠠᠷ ᠬᠤᠪᠢᠷᠠᠭᠤᠯᠵᠤ᠂ ᠦᠷᠳᠡᠭᠡᠨ ᠤ ᠳᠠᠭᠠᠭᠠᠴᠢᠯᠠᠨ ᠬᠤᠯᠪᠣᠭᠠᠯᠠᠬᠤ ᠶᠢ ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 5000 ᠡᠷᠦᠬᠡ ᠰᠢᠨ᠎ᠡ ᠪᠠᠷ ᠨᠡᠮᠡᠭᠳᠡᠭᠦᠯᠵᠦ᠂ 10% ᠪᠠᠷ ᠨᠡᠮᠡᠭᠳᠡᠭᠦᠯᠦᠨ᠎ᠡ᠃ 12345 ᠲᠠᠭᠠᠭᠠᠴᠢᠯᠡᠨ ᠡᠷᠬᠢᠯᠡᠬᠦ ᠦᠢᠯᠡᠴᠢᠯᠡᠭᠡ᠂ ᠪᠣᠭᠤᠮᠲᠠ ᠶᠢ ᠤᠷᠢᠳ ᠢᠶᠠᠷ ᠰᠢᠯᠵᠢᠭᠦᠯᠬᠦ ᠲᠣᠭᠲᠠᠴᠠ ᠶᠢ ᠰᠢᠯᠢᠳᠡᠭᠵᠢᠭᠦᠯᠵᠦ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠭᠦᠢᠴᠡᠳᠬᠡᠬᠦ ᠶᠢ ᠵᠠᠭᠠᠯᠳᠤᠬᠤ ᠠᠴᠠ ᠡᠮᠦᠨ᠎ᠡ ᠤᠷᠢᠳ ᠢᠶᠠᠷ ᠭᠦᠢᠴᠡᠳᠬᠡᠬᠦ ᠪᠣᠯᠭᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠠ᠃ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠴᠠᠩᠴᠦ᠋ᠨ ᠤ ᠠᠵᠤ ᠠᠬᠤᠢ ᠶᠢᠨ ᠲᠣᠭᠤᠷᠢᠭ ᠲᠤ ᠭᠦᠨᠵᠡᠭᠡᠢ ᠠᠭᠤᠰᠤᠯᠴᠠᠨ᠂ ᠭᠠᠳᠠᠭᠠᠳᠤ ᠠᠴᠠ ᠣᠷᠣᠭᠤᠯᠬᠤ ᠦᠵᠡᠰᠬᠦᠯᠡᠩ ᠤᠨ ᠴᠤᠭᠯᠠᠭᠠᠨ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠵᠡᠷᠭᠡ ᠣᠯᠠᠨ ᠤᠯᠤᠰ ᠤᠨ ᠳᠡᠯᠭᠡᠨ ᠦᠵᠡᠭᠦᠯᠵᠦ ᠵᠥᠪᠳᠡᠯᠴᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠵᠤ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 2.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 12% ᠢᠶᠠᠷ ᠨᠡᠮᠡᠭᠳᠡᠬᠦᠯᠤᠨ᠎ᠡ᠃    ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠢ ᠰᠢᠭᠤᠢ ᠨᠤᠳᠤᠭ ᠪᠡᠯᠴᠢᠭᠡᠷ ᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ︽ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠪᠠ ᠠᠮᠢ ᠠᠬᠤᠢ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠣᠬᠢᠷᠲᠤᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠵᠠᠰᠠᠬᠤ ᠶᠢ ᠪᠠᠷᠢᠮᠲᠠᠯᠠᠵᠤ᠂ ᠳᠤᠮᠳᠠᠳᠤ ᠶᠢᠨ ᠡᠨᠧᠷᠭᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠳᠡᠮᠡᠯ ᠭᠤᠤ᠂ ᠠᠭᠤᠯᠠᠨ ᠦᠶᠡᠷ ᠤᠨ ᠭᠤᠤ ᠶᠢ ᠵᠠᠰᠠᠬᠤ ᠪᠠ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠵᠤ ᠂ ᠭᠤᠣᠯ ᠮᠥᠷᠡᠨ ᠨᠠᠭᠤᠷ ᠴᠥᠭᠦᠷᠥᠮ ᠢ ᠴᠡᠪᠡᠷᠯᠡᠨ ᠲᠤᠷ᠎ᠠ ᠪᠠᠷ ᠤᠶᠢᠯᠡᠳᠬᠦ ᠲᠦᠷᠪᠡ ᠶᠢ ᠴᠡᠪᠡᠷᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠢ ᠤᠷᠳᠤ ᠬᠤᠭᠤᠴᠠᠭ᠎ᠠ ᠪᠠᠷ ᠵᠠᠰᠠᠵᠤ ᠤᠷᠳᠤ ᠬᠤᠭᠤᠴᠠᠭ᠎ᠠ ᠪᠠᠷ ᠴᠡᠪᠡᠷᠯᠡᠬᠦ ᠶᠢ ᠦᠨᠡᠨ ᠬᠦ ᠪᠠᠲᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠰᠠᠶᠢᠲᠤᠷ ᠠᠳᠬᠤᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠮᠠᠯ ᠵᠢᠭᠦᠷᠲᠡᠨ ᠤ ᠢᠯᠭᠠᠳᠠᠰᠤᠨ  ᠤ ᠪᠣᠬᠢᠷᠲᠤᠯ ᠢ ᠶᠡᠷᠦᠩᠬᠡᠶᠢᠯᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃    ᠬᠤᠶᠠᠷ᠂ ᠠᠵᠤ ᠦᠢᠯᠡᠳᠪᠦᠷᠢ ᠠᠵᠤ ᠠᠬᠤᠢ ᠶᠢ ᠲᠦᠷᠭᠡᠪᠴᠢᠯᠡᠨ ᠬᠥᠭᠵᠢᠭᠦᠯᠵᠦ ᠠᠵᠤ ᠦᠢᠯᠡᠰ ᠤᠨ ᠰᠢᠰᠲ᠋ᠧᠮ ᠤᠨ ᠡᠳᠦᠷ ᠢᠷᠡᠬᠦᠶ᠎ᠡ ᠲᠡᠭᠦᠯᠳᠡᠷᠵᠢᠬᠦ ᠶᠢ ᠠᠬᠢᠭᠤᠯᠤᠨ᠎ᠠ    ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠤᠨ᠎ᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠪᠦᠬᠦ ᠲᠠᠯ᠎ᠠ ᠪᠠᠷ ᠠᠬᠢᠭᠤᠯᠵᠤ᠂ ᠵᠢᠯ ᠤᠨ ᠳᠣᠲᠣᠷ᠎ᠠ ᠲᠤᠰᠬᠠᠢ ᠨᠠᠷᠢᠯᠢᠭ  ᠤᠨᠴᠠᠭᠠᠢ ᠰᠢᠨ᠎ᠡ ᠠᠵᠤ ᠠᠬᠤᠶᠢᠯᠠᠯ ᠢ 3 ᠳᠤ ᠬᠦᠷᠭᠡᠵᠦ᠂ ᠪᠣᠬᠢᠷᠲᠤᠯ ᠦᠭᠡᠢ ᠦᠢᠯᠡᠳᠪᠦᠷᠢ ᠶᠢ 5 ᠪᠣᠯᠭᠠᠨ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 5% ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠤᠯᠠᠭᠠᠨᠬᠤᠳᠠ ᠪᠣᠯᠣᠳ ᠲᠡᠮᠦᠷ ᠤᠨ ᠺᠣᠮᠫᠠᠨᠢ ᠶᠢᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠦᠢᠯᠡᠳᠬᠦᠨ ᠤ ᠦᠷᠳᠡᠭ ᠢ ᠳᠡᠭᠡᠭᠰᠢᠯᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠡᠭᠡᠷ᠎ᠡ ᠲᠤᠮᠳᠠ ᠲᠦᠪᠰᠢᠨ ᠳᠤ ᠤᠷᠤᠭᠤᠯᠬᠤ ᠪᠠᠷ ᠴᠢᠷᠮᠠᠶᠢᠨ᠎ᠠ᠃ ᠲᠠᠮᠠᠬᠢᠨ ᠦᠢᠯᠡᠳᠪᠦᠷᠢ ᠶᠢᠨ ᠦᠢᠯᠡᠳᠬᠦᠨ ᠤ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠭᠦᠯᠬᠦ ᠶᠢ ᠬᠥᠲᠥᠯᠥᠨ ᠵᠢᠯᠤᠭᠤᠳᠴᠤ᠂ ᠦᠢᠯᠡᠳᠪᠦᠷᠢᠯᠡᠯ ᠤᠨ ᠵᠠᠩᠭᠢᠯᠠᠭ᠎ᠠ ᠶᠢᠨ ᠣᠶᠤᠨᠴᠢᠯᠠᠭᠰᠠᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠰᠢᠭ ᠭᠠᠶᠢᠯᠢ ᠶᠢ 5% ᠠᠴᠠ ᠳᠡᠭᠡᠭᠰᠢ ᠨᠡᠮᠡᠭᠳᠡᠭᠦᠯᠦᠨ᠎ᠡ᠃ ᠬᠢᠩᠭᠠᠨ ᠠᠶᠢᠮᠠᠭ ᠤᠨ ᠲᠤᠲᠤᠷᠭ᠎ᠠ ᠶᠢᠨ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠺᠧ ᠴᠢᠨ ᠸᠠᠨ ᠵᠢᠶᠠ᠂ ᠯᠢᠩ ᠨᠠᠨ ᠰᠢᠶᠠᠩ ᠵᠡᠷᠭᠡ ᠭᠠᠵᠠᠷ ᠣᠷᠣᠨ ᠤ ᠠᠵᠤ ᠠᠬᠤᠶᠢᠯᠠᠯ ᠤᠨ ᠪᠦᠯᠬᠦᠮ ᠪᠠᠶᠢᠭᠤᠯᠤᠨ ᠬᠥᠭᠵᠢᠬᠦ ᠶᠢ ᠳᠡᠮᠵᠢᠵᠦ᠂ ᠬᠢᠩᠭᠠᠨ ᠤ ᠨᠠᠷᠠᠲᠤ ᠲᠡᠮᠳᠡᠭ ᠢ ᠳᠠᠭᠤᠷᠢᠰᠤᠭᠤᠯᠤᠨ᠎ᠠ᠃ ᠪᠠᠢ ᠢ ᠡᠮ ᠦᠢᠯᠡᠳᠬᠦ ᠤᠯᠤᠰ ᠤᠨ ᠠᠩᠬ᠎ᠠ ᠡᠭᠦᠳᠦᠭᠰᠡᠨ ᠡᠮ ᠤᠨ ᠵᠤᠶᠢᠯᠡᠰ ᠤᠨ ᠦᠢᠯᠡᠳᠪᠦᠷᠢᠯᠡᠯ ᠤᠨ ᠠᠬᠢᠴᠠ ᠶᠢ ᠲᠦᠷᠭᠡᠳᠬᠡᠵᠦ᠂ ᠤᠳᠠᠴᠢ ᠮᠣᠩᠭᠤᠯ ᠡᠮ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠨ᠂  ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠤᠷᠳᠤᠴᠠ ᠶᠢ ᠲᠦᠷᠭᠡᠳᠬᠡᠨ᠎ᠡ᠃ ᠵᠢᠩ ᠨᠧᠩ᠂ ᠶᠢᠨ ᠹᠧᠩ ᠤᠨ ᠲᠣᠭᠲᠠᠭᠤᠨ ᠠᠵᠢᠯᠯᠠᠭᠠᠨ ᠢ ᠴᠢᠩᠭ᠎ᠠ ᠠᠩᠬᠠᠷᠴᠤ᠂ ᠳ᠋ᠦᠩ ᠹᠠᠩ ᠴᠠᠬᠢᠯᠭᠠᠨ᠂  ᠲᠢᠶᠠᠨ ᠨᠧᠩ ᠬᠦᠨᠳᠦ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ ᠨᠢ ᠥᠷᠭᠡᠳᠬᠡᠨ ᠨᠡᠮᠡᠭᠳᠡᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠪᠣᠬᠢᠷᠲᠤᠯ ᠦᠭᠡᠢ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡ ᠬᠢᠭᠡᠳ ᠠᠷᠠᠯᠵᠢᠶᠠᠴᠢᠨ ᠤᠷᠢᠬᠤ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ᠂ ᠬᠢᠩᠭᠠᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠯᠤᠭ᠎ᠠ ᠬᠠᠮᠵᠢᠯᠴᠠᠨ ᠠᠷᠠᠯᠵᠢᠶᠠᠴᠢᠨ ᠤᠷᠢᠬᠤ᠂ ᠬᠠᠮᠲᠤᠪᠠᠷ ᠬᠥᠭᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠪᠥᠬᠦ ᠬᠡᠯᠬᠢᠶᠡᠰᠤ᠂ ᠪᠥᠬᠦ ᠶᠠᠪᠤᠴᠠ᠂ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠢ ᠳᠠᠪᠠᠭᠰᠠᠨ ᠬᠦᠷᠢᠶᠡᠯᠡᠩ ᠢ ᠪᠠᠶᠢᠭᠤᠯᠤᠨ᠎ᠠ᠃    ᠬᠦᠴᠦ ᠪᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠠᠬᠢᠭᠤᠯᠤᠨ᠎ᠠ᠃ ᠮᠢᠩᠭ᠎ᠠ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ 25 ᠬᠡᠷᠡᠭᠵᠢᠭᠦᠯᠵᠦ᠂ ᠨᠡᠶᠢᠲᠡ 70 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠪᠡ᠃ ᠲᠤᠰᠬᠠᠢ ᠬᠥᠮᠥᠨ ᠲᠤᠰᠬᠠᠢ ᠠᠩᠭᠢ ᠶᠢ ᠨᠠᠶᠢᠳᠠᠪᠤᠷᠢᠵᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠵᠢᠩ ᠨᠧᠩ 50 ᠲᠦᠮᠡᠨ ᠺᠢᠯᠣᠸᠠᠲ ᠤᠨ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ᠂ ᠶᠢᠨ ᠹᠧᠩ 16.8 ᠲᠦᠮᠡᠨ ᠺᠢᠯᠣᠸᠠᠲ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠨᠢᠳᠤᠷᠭᠠᠨ ᠲᠥᠷᠥᠯ ᠵᠦᠢᠯ︾ ᠢᠶᠠᠷ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠶᠢ ᠣᠯᠭᠤᠨ᠎ᠠ᠃ ᠱᠦᠨ ᠶᠤᠸᠠᠨ ᠲᠠᠷᠢᠶᠠᠯᠠᠩ ᠤᠨ ᠮᠠᠰᠢᠨ ᠢ ᠥᠷᠭᠡᠳᠬᠡᠨ ᠪᠠᠶᠢᠭᠤᠯᠬᠤ᠂  ᠸᠧ ᠯᠠᠢ ᠲᠧ ᠡᠷᠳᠡᠨᠢ ᠰᠢᠰᠢ ᠶᠢᠨ ᠦᠷ᠎ᠡ ᠶᠢ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠯᠠᠩ ᠷᠦᠨ ᠢᠳᠡᠭᠡᠨ ᠢ ᠨᠠᠷᠢᠯᠢᠭ ᠡᠳ᠋ᠰᠢᠭᠦᠯᠬᠦ ᠵᠡᠷᠭᠡ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠡᠷᠲᠡᠬᠡᠨ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠲᠦᠷᠭᠡᠨ ᠪᠦᠷᠢᠯᠳᠦᠭᠦᠯᠦᠨ᠎ᠡ᠃ ᠰᠢᠤᠸᠠᠢ ᠬᠤᠸᠠ ᠫᠢᠸᠤ᠋ ᠶᠢᠨ ᠲᠠᠳᠠᠳᠠᠭ ︵ᠬᠦᠩᠬᠡᠨ︶ ᠯᠠᠰᠠ ᠶᠢᠨ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠭᠠᠷᠭᠠᠬᠤ᠂ ᠰᠢᠶᠠᠨ ᠱᠢ ᠡᠷᠳᠡᠨᠢ ᠰᠢᠰᠢ ᠡᠳ᠋ᠰᠢᠭᠦᠯᠬᠦ ᠬᠦᠷᠢᠶᠡᠯᠡᠩ᠂ ᠯᠤ᠋ ᠶᠤᠸᠠᠨ ᠷᠠᠰᠢᠶᠠᠨ ᠤᠰᠤ ᠶᠢ ᠡᠳ᠋ᠰᠢᠭᠦᠯᠬᠦ ᠵᠡᠷᠭᠡ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠲᠦᠷᠭᠡᠳᠬᠡᠨ᠎ᠡ᠃ ᠪᠥᠸᠧ ᠶᠤᠸᠠᠨ ᠬᠢᠮᠢ ᠶᠢᠨ ᠨᠣᠭᠤᠭᠠᠨ ᠤᠰᠤᠲᠥ᠋ᠷᠥᠭᠴᠢ ᠪᠠᠷ ᠨᠣᠭᠤᠭᠠᠨ ᠮᠧᠲ᠋ᠢᠯ ᠠᠯᠺᠣᠣᠯ ᠦᠢᠯᠡᠳᠬᠦ᠂ ᠮᠧᠩ ᠨᠧᠩ ᠢᠯᠴᠢ ᠴᠠᠬᠢᠯᠭᠠᠨ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠨᠥᠭᠡᠴᠡᠯᠡᠬᠦ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ︽ᠨᠥᠭᠡᠴᠡᠯᠡᠬᠦ ᠶᠢ ᠰᠢᠨ᠎ᠡ ᠪᠠᠷ ᠪᠠᠶᠢᠭᠤᠯᠬᠤ︾ ᠳᠦᠷᠢ ᠲᠥᠷᠬᠦ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠳᠣᠣᠷ᠎ᠠ ᠠᠰᠢᠭᠯᠠᠮᠵᠢᠲᠤ ᠭᠠᠵᠠᠷ ᠤᠨ ᠪᠡᠯᠡ ᠣᠷᠣᠭᠤᠯᠤᠯᠲᠠ᠂ ᠬᠠᠳᠠᠭᠠᠯᠠᠯᠲᠠ ᠬᠡᠷᠡᠭᠯᠡᠭᠡᠨ ᠤ ᠭᠠᠵᠠᠷ ᠤᠨ ᠬᠠᠩᠭᠠᠯᠭ᠎ᠠ ᠶᠢ ᠦᠷᠭᠦᠯᠵᠢᠯᠡᠨ ᠲᠦᠷᠭᠡᠳᠬᠡᠵᠦ᠂ ᠪᠠᠷᠢᠮᠵᠢᠶᠠᠲᠤ ᠭᠠᠵᠠᠷ ᠤᠨ ᠠᠰᠢᠭᠯᠠᠯᠲᠠ ᠶᠢᠨ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ᠭᠤᠷᠪᠠ᠂ ᠠᠷᠠᠳ ᠤᠨ ᠠᠮᠢᠳᠤᠷᠠᠯ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠤᠶᠢᠯᠠᠭᠠᠭᠳᠠᠬᠤᠨ ᠢ ᠪᠠᠷᠢᠮᠲᠠᠯᠠᠨ  ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠤᠨ᠎ᠠ    ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠬᠤᠶᠠᠷ ᠵᠠᠮ ᠬᠤᠶᠠᠷ ᠬᠥᠭᠦᠷᠭᠡ᠂ ᠬᠤᠲᠠ ᠶᠢᠨ ᠡᠮᠦᠨᠡᠬᠢ ᠵᠠᠯᠭᠠᠯᠳᠤᠭᠰᠠᠨ ᠲᠣᠭᠤᠷᠢᠭ ᠤᠨ ᠶᠠᠪᠤᠵᠤ ᠰᠠᠭᠤᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠵᠠᠮ ᠤᠨ ᠲᠣᠣᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠶᠡᠭᠡ ᠤᠯᠠᠭᠠᠨᠬᠤᠲᠠ ᠶᠢᠨ ᠲᠥᠪ ᠬᠤᠲᠠ ᠶᠢᠨ ᠲᠣᠭᠤᠷᠢᠭ ᠤᠨ ᠭᠠᠳᠠᠭᠠᠳᠤ ᠲᠠᠢ ᠬᠤᠯᠪᠤᠭᠠᠯᠠᠨ ᠳᠣᠲᠣᠭᠠᠳᠤ ᠳᠠᠭᠠᠨ ᠰᠠᠭᠠᠳ ᠦᠭᠡᠢ ᠨᠡᠪᠲᠡᠷᠡᠬᠦ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠲᠤᠰᠬᠠᠢ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠬᠤᠳᠠ ᠶᠢᠨ ᠲᠣᠭᠤᠷᠢᠭ ᠤᠨ ᠭᠤᠣᠯ ᠵᠠᠮ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠬᠤᠭᠤᠯᠠᠢ ᠶᠢᠨ ᠲᠣᠣᠷ ᠢ 8 ᠺᠢᠯᠣᠮᠧᠲᠷ ᠶᠡᠷᠦᠩᠬᠡᠶᠢᠯᠡᠨ ᠥᠭᠡᠷᠡᠴᠢᠯᠡᠵᠦ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠠᠽᠢᠶ᠎ᠠ ᠲᠢᠪ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢ ᠰᠢᠯᠵᠢᠭᠦᠯᠦᠨ ᠵᠢᠭᠡᠯᠡᠭᠦᠯᠬᠦ ᠠᠬᠢᠴᠠ ᠶᠢ ᠲᠦᠷᠭᠡᠳᠬᠡᠵᠦ᠂ ᠳᠠᠬᠢᠯᠲᠠ ᠤᠰᠤᠨ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠣᠬᠢᠷᠲᠤᠯ ᠦᠭᠡᠢ ᠬᠠᠶᠢᠮᠢᠶᠠᠨ ᠬᠤᠳᠠ ᠶᠢᠨ ᠵᠦᠢᠯᠡᠰ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠤᠳᠠ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠢ ᠴᠢᠩᠭᠠᠷᠠᠭᠤᠯᠤᠨ᠎ᠠ᠃ ᠴᠢᠩ ᠹᠧᠩ ᠵᠡᠭᠡᠯᠢ᠂ ᠲᠡᠬᠦᠯᠢᠨ ᠵᠡᠭᠡᠯᠢ ᠵᠡᠷᠭᠡ 12 ᠵᠤᠷᠪᠤᠰ ᠵᠡᠭᠡᠯᠢ ᠭᠤᠳᠤᠮᠵᠢ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠳᠡᠭᠡᠭᠰᠢᠯᠡᠭᠦᠯᠵᠦ᠂ ᠭᠤᠭᠤᠵᠢᠭᠰᠠᠨ ᠬᠤᠬᠢᠷᠠᠯ ᠤᠨ ᠨᠤᠷᠮ᠎ᠠ ᠶᠢ 10% ᠠᠴᠠ ᠳᠣᠷᠣᠭᠰᠢ ᠬᠢᠵᠠᠭᠠᠷᠯᠠᠨ᠎ᠠ᠃ ᠰᠢᠲᠠᠮᠠᠬᠠᠢ ᠬᠡᠢ ᠶᠢᠨ ᠬᠤᠭᠤᠯᠠᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠠᠮᠤᠷ ᠲᠦᠪᠰᠢᠨ ᠤ ᠰᠡᠷᠡᠮᠵᠢ ᠶᠢᠨ ᠳᠣᠬᠢᠶᠠᠨ ᠤ ᠣᠶᠤᠨᠲᠤ ᠲᠣᠨᠣᠭᠯᠠᠯ ᠢ 1 ᠲᠦᠮᠡᠨ ᠢᠵᠢ ᠤᠭᠰᠠᠷᠠᠵᠤ᠂ ᠣᠶᠤᠨᠴᠢ ᠬᠠᠮᠢᠶᠠᠷᠤᠯᠲᠠ ᠶᠢᠨ ᠲᠠᠪᠴᠠᠩ ᠢ ᠵᠡᠷᠭᠡ ᠳᠤᠨᠢ ᠪᠠᠶᠢᠭᠤᠯᠤᠨ᠂ ᠰᠠᠭᠤᠭᠠᠯᠢ ᠠᠷᠠᠳ ᠤᠨ ᠬᠡᠢ ᠬᠡᠷᠡᠭᠯᠡᠬᠦ ᠠᠮᠤᠷ ᠲᠦᠪᠰᠢᠨ ᠳᠥᠭᠦᠮ ᠳᠥᠲᠡ ᠪᠠᠶᠢᠬᠤ ᠶᠢ ᠪᠠᠲᠤᠯᠠᠨ᠎ᠠ᠃    ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠷᠪᠠᠨ ᠵᠦᠢᠯ ᠤᠨ ᠠᠷᠭ᠎ᠠ ᠬᠡᠮᠵᠢᠶ᠎ᠡ ᠶᠢᠨ ᠠᠰᠢᠭᠲᠠᠢ ᠦᠢᠯᠡᠳᠦᠯ ᠢ ᠪᠠᠳᠠᠷᠠᠭᠤᠯᠵᠤ᠂ ᠰᠧᠨ ᠹᠠ ᠢ ᠫᠢᠨ᠂ ᠸᠠᠨ ᠾᠧᠩ ᠵᠥᠩ ᠬᠤᠸᠠ ᠴᠧᠩ ᠵᠡᠷᠭᠡ 20 ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠠᠬᠢᠭᠤᠯᠵᠤ᠂ ᠪᠡᠯᠡ ᠮᠦᠩᠬᠦ ᠬᠤᠷᠠᠮᠳᠤᠭᠤᠯᠬᠤ ᠳᠤ ᠬᠦᠴᠢᠷᠲᠡᠢ ᠵᠡᠷᠭᠡ ᠪᠣᠳᠠᠲᠠᠢ ᠠᠰᠠᠭᠤᠳᠠᠯ ᠢ ᠰᠢᠢᠳᠪᠦᠷᠢᠯᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠹᠦ᠋ ᠰᠢᠶᠠᠩ᠂ ᠶᠢᠨ ᠾᠧ ᠵᠡᠷᠭᠡ ᠠᠮᠤᠭᠤᠯᠠᠩ ᠣᠷᠣᠨ ᠰᠠᠭᠤᠴᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠤᠯᠠᠭᠠᠨ ᠮᠢᠩ ᠵᠤ᠋᠂ ᠲᠢᠶᠠᠨ ᠬᠤᠶ ᠴᠡᠴᠡᠷᠯᠢᠭ ᠵᠡᠷᠭᠡ 35 ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠴᠠᠭ ᠲᠤᠨᠢ ᠲᠤᠰᠢᠶᠠᠬᠤ ᠠᠰᠠᠷ ᠢ ᠦᠨᠡᠨ ᠬᠦ ᠪᠠᠳᠤᠯᠠᠬᠤ  ᠶᠢ ᠠᠬᠢᠭᠤᠯᠵᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠡᠷᠬᠡ ᠠᠰᠢᠭ ᠢ ᠪᠠᠲᠤᠯᠠᠨ᠎ᠠ᠃ ᠡᠪᠦᠯ ᠤᠨ ᠠᠷᠬᠠᠭ ᠢ ᠵᠣᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠤᠯᠠᠭᠠᠯᠠᠬᠤ ᠢᠨᠵᠧᠨᠧᠷᠢᠩ ᠤᠨ 6 ᠶᠡᠭᠡ ᠲᠥᠷᠥᠯ ᠤᠨ 13 ᠲᠥᠷᠥᠯ ᠵᠦᠢᠯ ᠢ ᠰᠢᠰᠲ᠋ᠧᠮ ᠲᠠᠢ ᠲᠥᠯᠥᠪᠯᠡᠵᠦ᠂ ᠯᠦᠩ ᠵᠦ ᠰᠢᠨ᠎ᠡ ᠬᠤᠲᠠ᠂ ᠵᠢᠶᠦ᠋ᠨ ᠢᠦᠢ ᠬᠤᠸᠠ ᠲᠢᠩ ᠵᠡᠷᠭᠡ ᠣᠶᠤᠨᠴᠢ ᠪᠠᠷ ᠢᠯᠴᠢ ᠬᠠᠩᠭᠠᠬᠤ ᠪᠠ ᠳᠤᠯᠠᠭᠠᠯᠠᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠠᠳᠠᠷ ᠳᠤᠯᠠᠭᠠᠨ ᠢ ᠬᠠᠮᠠᠭᠠᠯᠠᠬᠤ ᠰᠠᠭᠤᠭᠠᠯᠢ ᠠᠷᠠᠳ ᠤᠨ ᠲᠣᠭᠤᠷᠢᠭ ᠢ 40 ᠨᠡᠮᠡᠨ ᠤᠭᠰᠠᠷᠠᠵᠤ᠂ ᠭᠤᠣᠯ ᠪᠠ ᠳᠡᠳ᠋ ᠬᠤᠭᠤᠯᠠᠢ ᠶᠢᠨ ᠲᠣᠣᠷ ᠢ 28 ᠺᠢᠯᠣᠮᠧᠲᠷ᠂ ᠢᠯᠴᠢ ᠰᠣᠯᠢᠯᠴᠠᠬᠤ ᠥᠷᠲᠡᠭᠡ ᠶᠢ 29 ᠥᠭᠡᠷᠡᠴᠢᠯᠡᠨ᠂ ᠠᠷᠠᠳ ᠤᠨ ᠠᠮᠢᠳᠤᠷᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃    ᠬᠤᠳᠠ ᠶᠢᠨ ᠵᠠᠰᠠᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠠᠳᠠᠯ ᠠᠬᠤᠢ ᠶᠢᠨ ᠠᠵᠢᠯ ᠡᠷᠬᠢᠯᠡᠭᠰᠡᠳ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠲᠠᠪᠴᠠᠩ ᠤᠨ ᠮᠥᠷᠥᠶᠢᠴᠡᠭᠡᠨ ᠢ ᠰᠢᠨ᠎ᠡ ᠪᠠᠷ ᠥᠷᠨᠢᠭᠦᠯᠦᠨ᠂  ᠬᠤᠪᠢᠰᠬᠠᠯᠳᠤ ᠠᠳᠠᠯ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠠ᠃  ᠬᠤᠳᠠ ᠶᠢᠨ ᠬᠠᠮᠢᠶᠠᠷᠤᠯᠳᠠ ᠶᠢᠨ ︽721︾ ᠶᠢᠨ ᠠᠵᠢᠯ ᠤᠨ ᠠᠷᠭ᠎ᠠ ᠶᠢ ᠬᠡᠷᠡᠭᠵᠢᠭᠦᠯᠵᠦ᠂ ᠤᠶᠠᠨ ᠵᠥᠭᠡᠯᠡᠨ ᠬᠠᠤᠯᠢ ᠬᠡᠷᠡᠭᠵᠢᠭᠦᠯᠬᠦ ᠵᠦᠢᠯᠡᠰ ᠤᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠨᠡᠭᠦᠳᠡᠯ ᠳᠡᠯᠭᠡᠭᠡ ᠮᠠᠶᠢᠮᠠᠢ ᠶᠢᠨ ᠵᠢᠷᠤᠮᠵᠢᠯ ᠲᠠᠢ ᠡᠵᠡᠩᠨᠡᠯᠲᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠰᠠᠶᠢᠳᠤᠷ ᠬᠡᠷᠡᠭᠵᠢᠬᠦᠯᠤᠨ᠎ᠠ᠃ ᠶᠠᠪᠠᠭᠠᠨ ᠬᠥᠮᠥᠨ ᠤ ᠵᠠᠮ ᠢ ᠴᠡᠪᠡᠷᠰᠢᠭᠦᠯᠬᠦ ᠪᠠ  ᠰᠤᠯᠠ ᠪᠠᠭᠠᠨ᠎ᠠ ᠶᠢ ᠰᠢᠯᠵᠢᠬᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯ ᠵᠡᠭᠡᠯᠢ ᠵᠠᠮ ᠤᠨ ᠬᠤᠶᠠᠷ ᠬᠠᠵᠠᠭᠤ ᠪᠠᠷ ᠳᠤᠷ᠎ᠠ ᠪᠠᠷ ᠢᠶᠠᠨ ᠪᠠᠶᠢᠭᠤᠯᠬᠤ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠢᠳᠡᠭᠡᠨ ᠤᠮᠳᠠᠭᠠᠨ ᠤ ᠬᠤᠳᠠᠯᠳᠤᠭᠠᠴᠢᠨ ᠤ ᠲᠤᠰᠤᠨ ᠣᠲᠤᠭ᠎ᠠ ᠴᠡᠪᠡᠷᠰᠢᠭᠦᠯᠬᠦ ᠲᠦᠬᠦᠭᠡᠷᠤᠮᠵᠢ ᠶᠢ ᠤᠭᠰᠠᠷᠠᠵᠤ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠠᠷᠬᠠᠭ ᠭᠡᠮ ᠢ ᠵᠠᠰᠠᠵᠤ᠂ ᠬᠤᠲᠠ ᠶᠢᠨ ᠥᠩᠭᠡ ᠵᠢᠰᠦ ᠶᠢ  ᠰᠠᠶᠢᠵᠢᠷᠠᠭᠤᠯᠤᠨ᠎ᠠ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ ᠠᠵᠢᠯᠯᠠᠭ᠎ᠠ︾ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠦᠪᠰᠢᠶᠡᠷᠡᠭᠰᠡᠨ ᠪᠤᠯᠪᠠᠴᠤ ᠬᠠᠩᠭᠠᠭᠠᠳᠤᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢ ᠶᠡᠭᠡ ᠬᠡᠮᠵᠢᠶ᠎ᠡ ᠪᠠᠷ ᠴᠢᠩᠭᠠᠷᠠᠭᠤᠯᠵᠤ᠂ ᠰᠤᠯᠠ ᠪᠠᠶᠢᠭ᠎ᠠ ᠭᠠᠵᠠᠷ ᠰᠢᠷᠣᠢ᠂ ᠦᠷ᠎ᠡ ᠠᠰᠢᠭ ᠢᠶᠠᠷ ᠳᠣᠣᠷ᠎ᠠ 10 ᠬᠡᠰᠡᠭ ᠭᠠᠵᠠᠷ ᠰᠢᠷᠣᠢ᠂ 640 ᠮᠦ ᠭᠠᠵᠠᠷ ᠰᠢᠷᠣᠢ ᠶᠢ ᠵᠠᠰᠠᠨ ᠰᠠᠶᠢᠵᠢᠷᠠᠭᠤᠯᠤᠨ᠎ᠠ᠃    ᠳᠥᠷᠪᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ    ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 7 ᠲᠦᠮᠡᠨ ᠮᠦ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠵᠦ᠂ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠬᠥᠭᠵᠢᠭᠦᠯᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ 6.8 ᠳ᠋ᠦᠩᠰᠢᠭᠤᠷ ᠵᠢᠩ ᠳᠤ ᠬᠥᠷᠪᠡ᠃ ᠲᠦᠬᠦᠭᠡᠷᠤᠮᠵᠢᠳᠤ ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠦᠷ᠎ᠡ ᠠᠰᠢᠭ ᠢᠶᠠᠷ ᠳᠣᠣᠷ᠎ᠠ 300 ᠬᠦᠯᠡᠮᠵᠢ ᠶᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠭᠤᠤ ᠶᠢᠨ ᠠᠶᠢᠯ ᠭᠠᠴᠠᠭ᠎ᠠ ᠶᠢᠨ ᠥᠨᠳᠥᠷ ᠪᠠᠷᠢᠮᠵᠢᠶᠠᠲᠤ ᠲᠦᠬᠦᠭᠡᠷᠤᠮᠵᠢᠳᠤ ᠲᠠᠷᠢᠶᠠᠯᠠᠩ ᠤᠨ ᠬᠤᠶᠠᠳᠤᠭᠠᠷ ᠬᠤᠭᠤᠴᠠᠭ᠎ᠠ ᠶᠢ ᠬᠡᠷᠡᠭᠵᠢᠭᠦᠯᠵᠦ᠂ ᠬᠠᠭᠤᠴᠢᠨ ᠡᠬᠢ ᠪᠠᠶᠠᠯᠢᠭ ᠢ ᠠᠮᠢᠳᠤᠯᠢᠭ ᠪᠣᠯᠭᠠᠨ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃ ᠮᠠᠯ ᠪᠡᠯᠴᠢᠭᠡᠷ ᠢ ᠨᠢᠭᠡ ᠴᠣᠭᠴᠠᠵᠢᠭᠤᠯᠤᠭᠰᠠᠨ ᠬᠦᠷᠢᠶᠡᠯᠡᠩ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠰᠢᠨ ᠹᠦ᠋ ᠦᠬᠡᠷ ᠤᠨ ᠲᠠᠯᠠᠪᠠᠶ᠂ ᠪᠠᠢ ᠯᠦᠩ ᠵᠢᠦᠢ ᠠᠳᠤᠭᠤᠨ ᠤ ᠦᠢᠯᠡᠰ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠪᠠᠷᠢᠮᠵᠢᠶᠠᠵᠢᠭᠰᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ 9 ᠨᠡᠮᠡᠭᠳᠡᠭᠦᠯᠵᠦ᠂ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠣᠲᠣ ᠦᠶ᠎ᠡ ᠶᠢᠨ ᠮᠠᠯ ᠠᠵᠤ ᠠᠬᠤᠢ ᠶᠢᠨ ᠭᠡᠭᠡᠨᠳᠡᠯ᠎ᠠ ᠮᠠᠯᠵᠢᠯ ᠤᠨ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠮᠧᠩ ᠨᠢᠦ ᠰᠦ ᠶᠢᠨ ᠦᠢᠯᠡᠰ᠂ ᠬᠤᠩ ᠴᠧᠩ ᠰᠦ ᠶᠢᠨ ᠦᠢᠯᠡᠰ ᠤᠨ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠪᠠᠷᠢᠮᠵᠢᠶᠠᠵᠢᠭᠰᠠᠨ ᠤᠯᠠᠮᠵᠢᠯᠠᠯᠲᠤ ᠴᠠᠭᠠᠨ ᠢᠳᠡᠭᠡᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ 2 ᠪᠣᠶᠢᠵᠢᠭᠤᠯᠵᠤ᠂ ᠰᠦ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠯᠢ ᠰᠢᠶᠠᠩ᠂ ᠽᠧᠩ ᠯᠢᠶᠠᠩ ᠵᠡᠷᠭᠡ ᠨᠢᠲᠤᠯᠬᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠳᠡᠮᠵᠢᠵᠦ᠂ ᠤᠷᠢᠳᠴᠢᠯᠠᠨ ᠦᠢᠯᠡᠳᠦᠭᠰᠡᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ᠂ ᠡᠳ᠋ᠰᠢᠭᠦᠯᠬᠦ ᠠᠵᠤ ᠦᠢᠯᠡᠰ ᠤᠨ  ᠬᠡᠯᠬᠢᠶᠡᠰᠤ ᠶᠢ ᠤᠷᠲᠤᠳᠬᠠᠬᠤ ᠶᠢ ᠠᠬᠢᠭᠤᠯᠤᠨ᠎ᠠ᠃    ᠬᠥᠳᠡᠭᠡ ᠲᠣᠰᠬᠤᠨ ᠤ ᠥᠨᠳᠥᠷ ᠬᠢᠷᠢ ᠲᠦᠪᠰᠢᠨ ᠪᠦᠬᠦᠢ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠣᠷᠴᠢᠨ ᠲᠣᠭᠤᠷᠢᠨ ᠢ ᠰᠠᠶᠢᠵᠢᠷᠠᠭᠤᠯᠬᠤ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠥᠨᠳᠥᠷ ᠪᠠᠷᠢᠮᠵᠢᠶ᠎ᠠ ᠪᠠᠷ ᠢᠯᠡᠯᠳᠠ᠂  ᠭᠤᠤ ᠶᠢᠨ ᠠᠶᠢᠯ᠂ ᠬᠦᠭᠵᠢᠯ ᠵᠡᠷᠭᠡ 7 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠣᠶ ᠪᠣᠯᠭᠠᠵᠤ᠂ ᠣᠷᠣᠰᠢᠨ ᠰᠠᠭᠤᠬᠤ ᠪᠠ  ᠠᠵᠢᠯ ᠦᠢᠯᠡᠰ ᠡᠷᠬᠢᠯᠡᠬᠦ   ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠵᠤ᠂ ᠨᠢᠭᠡ ᠬᠦᠷᠢᠶᠡᠯᠡᠩ ᠳᠤ ᠬᠤᠶᠠᠷ ᠵᠦᠢᠯ ᠢ ᠬᠡᠷᠡᠭᠯᠡᠬᠦ᠂ ᠨᠢᠭᠡ ᠣᠷᠣᠨ ᠰᠠᠭᠤᠴᠠ ᠳᠤ ᠬᠤᠶᠠᠷ ᠵᠦᠢᠯ ᠢ ᠬᠡᠷᠡᠭᠯᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠨᠢᠭᠡ ᠡᠷᠦᠬᠡ︾ ᠶᠢ ︽ᠲᠠᠪᠤᠨ ᠬᠦᠷᠢᠶᠡᠯᠡᠩ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠢᠮᠠᠬᠤ ᠶᠢᠨ ᠲᠡᠳᠦᠢ ᠭᠠᠵᠠᠷ ᠢ ᠰᠠᠶᠢᠳᠤᠷ ᠠᠰᠢᠭᠯᠠᠨ᠎ᠠ᠃ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ 52 ᠺᠢᠯᠣᠮᠧᠲᠷ ᠬᠥᠳᠡᠭᠡ ᠲᠣᠰᠬᠤᠨ ᠤ ᠵᠠᠮ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶ᠋ᠬᠠᠤᠰᠤ ᠶᠢ ᠪᠥᠬᠦ ᠭᠠᠴᠠᠭ᠎ᠠ ᠲᠣᠰᠬᠤᠨ ᠢᠶᠠᠷ ᠨᠢ ᠨᠡᠭᠦᠯᠭᠡᠬᠦ ᠶᠢ ᠲᠦᠷᠭᠡᠳᠬᠡᠨ ᠠᠬᠢᠭᠤᠯᠵᠤ᠂  ᠭᠠᠴᠠᠭ᠎ᠠ ᠲᠣᠰᠬᠤᠨ ᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠸ ᠶᠢᠨ ᠠᠶᠢᠯ ᠭᠠᠴᠠᠭ᠎ᠠ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠥᠳᠡᠭᠡ ᠲᠣᠰᠬᠤᠨ ᠤ ᠲᠦᠷᠢ ᠲᠦᠷᠬᠦ ᠶᠢ ᠦᠷᠭᠦᠯᠵᠢᠯᠡᠨ ᠰᠠᠶᠢᠵᠢᠷᠠᠭᠤᠯᠤᠨ᠎ᠠ᠃    ᠲᠠᠷᠢᠶᠠᠴᠢᠳ ᠤᠨ ᠴᠢᠨᠠᠷ ᠰᠠᠶᠢᠲᠠᠢ ᠠᠮᠢᠳᠤᠷᠠᠯ ᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠬᠦᠳᠡᠯᠤᠩᠬᠦᠢ  ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠬᠦ᠂ ᠠᠵᠢᠯ ᠣᠯᠭᠤᠯᠳᠡ ᠪᠠᠷ ᠲᠡᠳᠬᠦᠮᠵᠢ ᠶᠢ ᠣᠷᠣᠯᠠᠭᠤᠯᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ ᠪᠠᠬᠢᠵᠢᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠲᠤᠯᠠᠪᠤᠷᠢ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠨ᠎ᠡ᠃ ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ ᠲᠤᠷᠰᠢᠯᠭ᠎ᠠ ᠪᠠ ᠠᠷᠭ᠎ᠠ ᠬᠢᠳᠡᠯ ᠢ ᠳᠡᠯᠭᠡᠷᠡᠭᠦᠯᠵᠦ᠂ ᠭᠠᠵᠠᠷ ᠰᠢᠷᠣᠢ ᠶᠢᠨ ᠦᠮᠴᠢᠯᠡᠯ ᠤᠨ ᠡᠷᠭᠡ ᠶᠢ ᠰᠢᠯᠵᠢᠬᠦᠯᠬᠦ᠂ ᠲᠥᠪᠯᠡᠷᠡᠭᠦᠯᠦᠨ ᠵᠠᠯᠭᠠᠯᠳᠤᠭᠤᠯᠬᠤ ᠶᠢ ᠠᠬᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ᠂ ᠬᠡᠪᠴᠢᠶᠡᠵᠢᠭᠰᠡᠨ ᠡᠵᠡᠩᠨᠡᠯᠲᠡ ᠶᠢ 10 ᠲᠦᠮᠡᠨ ᠮᠦ ᠠᠴᠠ ᠳᠠᠪᠠᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠪᠡ᠃ ᠲᠦᠷᠦᠭᠦᠴᠢ ᠭᠠᠯᠠᠭᠤ᠂ ᠲᠠᠷᠢᠶᠠᠯᠠᠭᠴᠢ ᠶᠢᠨ ᠲᠥᠯᠥᠪᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠳᠤ ᠦᠨᠳᠦᠰᠦᠯᠡᠭᠰᠡᠨ ᠬᠥᠳᠡᠭᠡ ᠲᠣᠰᠬᠤᠨ ᠤ ᠤᠷᠠᠨ ᠳᠠᠷᠬᠠᠳ᠂ ᠪᠠᠶᠠᠵᠢᠯ ᠤᠨ ᠳᠠᠭᠠᠭᠤᠯᠤᠭᠴᠢ ᠶᠢ ᠬᠥᠮᠥᠵᠢᠭᠦᠯᠵᠦ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ 12 ᠡᠷᠦᠬᠡ ᠳᠤ ᠬᠦᠷᠭᠡᠪᠡ᠃ ᠪᠣᠯᠪᠠᠰᠤᠨ ᠭᠠᠴᠠᠭ᠎ᠠ ᠲᠣᠰᠬᠤᠨ ᠪᠠᠯᠭᠠᠰᠤ ᠵᠡᠭᠡᠯᠢ᠂ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠤᠪᠢ ᠬᠤᠷᠠᠮᠳᠤᠭᠤᠯᠬᠤ ᠳᠦᠷᠢᠮ᠂ ᠤᠯᠠᠭᠠᠨ ᠬᠠᠷ᠎ᠠ ᠰᠠᠮᠪᠠᠷ᠎ᠠ ᠶᠢ ᠰᠠᠶᠢᠳᠤᠷ ᠠᠰᠢᠭᠯᠠᠵᠤ᠂ ︽ᠨᠢᠭᠡ  ᠬᠡᠯᠡᠯᠴᠡᠭᠡᠷ ᠳᠥᠷᠪᠡᠨ ᠬᠤᠷᠠᠯ︾ ᠤᠨ ᠵᠢᠷᠤᠮᠵᠢᠭᠤᠯᠤᠨ ᠬᠢᠵᠠᠭᠠᠷᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠬᠥᠳᠡᠭᠡ ᠲᠤᠰᠬᠤᠨ ᠤ ᠪᠣᠯᠪᠠᠰᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠣᠶ ᠪᠣᠯᠭᠠᠨ᠎ᠠ᠃    ᠲᠠᠪᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠭᠤᠷᠪᠠᠳᠤᠭᠠᠷ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ    ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠶᠢᠮᠠᠭ ᠤᠨ ᠵᠠᠰᠠᠭ ᠤᠨ ᠣᠷᠳᠣᠨ ᠤ ᠬᠤᠲᠠ ᠶᠢᠨ ᠬᠡᠷᠡᠭᠯᠡᠭᠡᠨ ᠤ ᠳᠠᠭᠠᠭᠠᠬᠤ ᠪᠠ ᠳᠠᠶᠢᠴᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠰᠢᠨ᠎ᠡ ᠪᠠᠷ 15 ᠨᠡᠮᠡᠭᠳᠡᠭᠦᠯᠦᠨ᠂ ᠨᠡᠶᠢᠭᠡᠮ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ 5% ᠪᠠᠷ ᠨᠡᠮᠡᠭᠳᠡᠭᠦᠯᠦᠨ᠎ᠡ᠃ ᠬᠡᠷᠡᠭᠯᠡᠭᠡ ᠶᠢ ᠠᠬᠢᠭᠤᠯᠬᠤ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠵᠦ᠂ ᠴᠢᠯᠠᠭᠤᠨ ᠲᠣᠰᠣ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠠᠵᠢᠯ ᠲᠥᠷᠥᠯ ᠤᠨ ᠪᠣᠷᠤᠯᠠᠭᠤᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠳᠤ ᠬᠦᠴᠦᠨ ᠨᠡᠮᠡᠷᠢᠯᠡᠨ᠎ᠡ᠃ ᠡᠸᠤ ᠶᠠ᠂ ᠸᠠᠨ ᠳ᠋ᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠵᠦ᠂ ᠵᠢᠶᠠ ᠾᠧ᠂ ᠬᠤᠶ ᠮᠠᠢ ᠵᠡᠷᠭᠡ ᠬᠡᠯᠬᠢᠶᠡᠵᠢᠭᠰᠡᠨ ᠴᠢᠯᠦᠭᠡᠳᠤ ᠳᠡᠯᠭᠡᠭᠦᠷ ᠤᠨ ᠪᠠᠶᠢᠷᠢᠰᠢᠭᠤᠯᠤᠯᠲᠠ ᠶᠢ ᠥᠷᠭᠡᠳᠬᠡᠨ᠂  ᠤᠯᠠᠭᠠᠨᠬᠤᠳᠠ ᠶᠢᠨ ᠰᠥᠨᠢ ᠶᠢᠨ ᠵᠠᠬ᠎ᠠ ᠳᠡᠯᠭᠡᠭᠦᠷ ᠢ ᠲᠡᠰ ᠲᠡᠪᠰᠢᠬᠦᠯᠤᠨ ᠨᠢᠭᠡᠳᠬᠡᠬᠦ ᠶᠢ ᠲᠦᠷᠭᠡᠳᠬᠡᠵᠦ᠂ ᠨᠠᠢᠮᠠᠨ ᠠᠵᠢᠨᠠᠢ ᠬᠦᠯᠦᠭ ᠤᠯᠤᠰ ᠤᠨ ᠲᠠᠰ ᠤᠨ ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭ ᠢᠶᠠᠷ ᠦᠨᠡᠯᠡᠭᠳᠡᠬᠦ ᠪᠠᠷ ᠴᠢᠷᠮᠠᠶᠢᠵᠤ᠂ ᠬᠤᠳᠠᠯᠳᠤᠭᠠᠨ ᠤ ᠲᠣᠭᠤᠷᠢᠭ ᠢ ᠨᠠᠩ ᠬᠥᠭᠵᠢᠶᠡᠨ ᠲᠠᠢ᠂ ᠭᠠᠵᠠᠷ ᠤᠨ ᠲᠡᠮᠳᠡᠭ ᠢ ᠨᠠᠩ ᠭᠤᠶᠣ᠂ ᠨᠠᠷᠠᠲᠤ ᠲᠡᠮᠳᠡᠭ ᠢ ᠨᠠᠩ ᠰᠠᠶᠢᠨ ᠳᠠᠭᠤᠷᠢᠰᠤᠭᠤᠯᠤᠨ᠎ᠠ᠃ 3 ᠰᠠᠭᠤᠷᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ 15 ᠰᠠᠭᠤᠷᠢ ᠦᠷᠯᠤᠭᠡ ᠦᠳᠡᠰᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠳᠤ ᠰᠠᠨᠠᠭ᠎ᠠ ᠠᠮᠤᠷ᠂ ᠲᠠᠭᠠᠯᠠᠮᠵᠢᠲᠠᠢ ᠬᠡᠷᠡᠭᠯᠡᠭᠡᠨ ᠤ ᠲᠠᠯᠠᠪᠤᠷ ᠬᠠᠩᠭᠠᠨ᠎ᠠ᠃ ᠤᠯᠤᠰ ᠤᠨ ᠲᠠᠰ ᠤᠨ ᠬᠤᠲᠠ ᠶᠢᠨ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠤᠭᠤᠷᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠳᠤᠷ ᠨᠠᠶᠢᠳᠠᠪᠤᠷᠢᠵᠢᠭᠤᠯᠵᠤ᠂ ᠲᠢᠶᠠᠨ ᠶᠤᠸᠠᠨ᠂ ᠵᠢᠶᠠᠨ ᠹᠧᠩ ᠵᠡᠷᠭᠡ 7 ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠤᠭᠤᠷᠢᠭ ᠢ ᠬᠦᠴᠦ ᠪᠠᠨ ᠲᠥᠪᠯᠡᠷᠡᠭᠦᠯᠦᠨ ᠪᠠᠶᠢᠭᠤᠯᠵᠤ᠂ ᠦᠨᠳᠦᠰᠦᠨ ᠪᠠᠲᠤᠯᠠᠭ᠎ᠠ ᠶᠢᠨ ᠲᠥᠷᠥᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠠᠩᠬᠠᠨ ᠤ ᠳᠡᠯᠭᠡᠭᠦᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ᠂ ᠨᠠᠷᠠᠲᠤ ᠬᠡᠯᠬᠢᠶᠡᠵᠢᠭᠰᠡᠨ ᠳᠡᠯᠭᠡᠭᠦᠷ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂  ᠤᠯᠠᠭᠠᠨᠬᠤᠳᠠ ᠶᠢᠨ ᠠᠷᠠᠳ ᠲᠦᠮᠡᠨ ᠳᠤ ᠰᠢᠨ᠎ᠡ ᠳᠦᠷᠰᠦ ᠪᠠᠶᠢᠳᠠᠯ ᠢ ᠦᠵᠡᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠶᠢᠯᠠᠭᠠᠭᠤᠯᠤᠨ᠎ᠠ᠃    ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠲᠡᠭᠡᠭᠰᠢ ᠪᠠᠨ ᠶᠠᠪᠤᠭᠤᠯᠬᠤ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠲᠤᠷᠤᠭᠰᠢ ᠪᠠᠭᠤᠯᠭᠠᠬᠤ ᠭᠦᠢᠯᠭᠡᠭᠡᠨ ᠤ ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ᠬᠤᠳᠠᠯᠳᠤᠭᠠᠨ ᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢᠨ ︽ᠲᠠᠪᠤᠨ ᠵᠠᠭᠤᠨ ᠤ ᠵᠠᠭᠤ ︾ ᠶᠢ ᠪᠡᠶᠡᠯᠡᠬᠦᠯᠤᠨ᠎ᠠ᠃ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ᠂ ᠨᠡᠶᠢᠭᠡᠮ ᠤᠨ ᠬᠠᠷᠢᠯᠴᠠᠭᠠᠨ ᠤ ᠡᠯᠧᠺᠲᠷᠣᠨ ᠬᠤᠳᠠᠯᠳᠤᠭ᠎ᠠ ᠵᠡᠷᠭᠡ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠢ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ 20 ᠳ᠋ᠦᠩᠰᠢᠭᠤᠷ ᠲᠥᠭᠦᠷᠢᠭ ᠢ ᠳᠠᠪᠠᠪᠠ᠃ ᠳ᠋ᠠ ᠡᠾᠧ  ᠪᠠᠷᠠᠭᠠᠨ ᠤ ᠭᠦᠢᠯᠭᠡᠭᠡᠨ ᠤ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠶᠤᠨᠴᠢᠯᠠᠭᠰᠠᠨ ᠵᠠᠳᠠᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠦ᠋ᠲ᠋ᠣᠴᠢᠯᠠᠭᠰᠠᠨ ᠠᠵᠢᠯᠯᠠᠭᠠᠨ ᠢ ᠬᠡᠷᠡᠭᠵᠢᠭᠦᠯᠬᠦ ᠰᠦᠯᠵᠢᠶᠡᠨ ᠳᠡᠭᠡᠷᠡᠬᠢ ᠲᠠᠪᠴᠠᠩ ᠢ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠣᠶᠤᠨᠴᠢ ᠪᠠᠷᠠᠭᠠᠨ ᠤ ᠭᠦᠢᠯᠭᠡᠭᠡᠨ ᠤ ᠲᠥᠪ ᠢ ᠪᠠᠶᠢᠭᠤᠯᠤᠨ᠎ᠠ᠃ ᠶᠧ ᠲᠦᠩ 4S ᠳᠡᠯᠭᠡᠭᠦᠷ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠵᠢᠶᠠ ᠶᠣᠣ ᠶᠢᠨ ᠬᠠᠭᠤᠴᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠬᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠤᠬᠠᠶᠢᠯᠠᠭᠰᠠᠨ ᠠᠵᠢᠯ ᠢ ᠥᠷᠭᠡᠳᠬᠡᠵᠦ᠂ ᠮᠠᠰᠢᠨ ᠲᠡᠷᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ᠲᠠᠢ ᠬᠤᠸᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠵᠢᠶᠧ ᠴᠧᠩ ᠠᠮᠤ ᠪᠤᠳᠠᠭᠠᠨ ᠤ ᠬᠥᠮᠥᠷᠭᠡ᠂ ᠲᠢᠶᠧ ᠰᠢ ᠠᠮᠤ ᠪᠤᠳᠠᠭᠠᠨ ᠤ ᠬᠥᠮᠥᠷᠭᠡ ᠶᠢ ᠳᠡᠭᠡᠭᠰᠢᠯᠡᠭᠦᠯᠦᠨ ᠥᠭᠡᠷᠡᠴᠢᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠢ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠤᠨ᠎ᠠ ᠃ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠢ ᠪᠣᠶᠢᠵᠢᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠨ᠂ ᠡᠵᠡᠩᠨᠡᠯᠲᠡ ᠶᠢᠨ ᠣᠷᠣᠯᠭ᠎ᠠ ᠨᠢ 170 ᠳ᠋ᠦᠩᠰᠢᠭᠤᠷ ᠲᠦᠬᠦᠷᠢᠭ ᠢ ᠲᠠᠪᠠᠵᠠᠢ᠃        ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠬᠤᠪᠢᠰᠬᠠᠯᠳᠤ ᠵᠢᠭᠤᠯᠴᠢᠯᠠᠯ ᠰᠡᠯᠡᠭᠦᠴᠡᠯ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠬᠤᠪᠢᠰᠬᠠᠯᠳᠤ ᠠᠳᠤᠭᠤᠨ ᠪᠠᠯᠭᠠᠰᠤ ᠪᠤᠯᠬᠤ ᠭᠡᠭᠡᠨᠰᠦ᠋ᠮ᠎ᠠ ᠶᠢᠨ ᠵᠢᠭᠤᠯᠴᠢᠯᠠᠯ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠢᠯᠡᠯᠳᠡ ᠶᠢᠨ ᠤᠰᠤ ᠨᠢ ᠲᠤᠩᠭᠠᠯᠠᠭ ᠭᠤᠶᠤ ᠰᠠᠶᠢᠬᠠᠨ ᠬᠥᠳᠡᠭᠡ ᠲᠣᠰᠬᠤᠨ ᠢ ᠰᠠᠶᠢᠳᠤᠷ ᠪᠠᠶᠢᠭᠤᠯᠵᠤ᠂ ᠰᠠᠨ ᠾᠧ ᠲᠣᠰᠬᠤᠨ ᠤ ᠤᠯᠤᠰ ᠤᠨ ᠲᠡᠰ ᠤᠨ ᠬᠥᠳᠡᠭᠡ ᠲᠣᠰᠬᠤᠨ ᠤ ᠭᠤᠣᠯᠳᠠᠯᠭ᠎ᠠ ᠲᠠᠢ ᠵᠢᠭᠤᠯᠴᠢᠯᠠᠯ ᠤᠨ ᠲᠣᠰᠬᠤᠨ ᠢ ᠴᠢᠷᠮᠠᠶᠢᠨ ᠡᠭᠦᠳᠬᠦ ᠶᠢ ᠪᠦᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠨᠢᠭᠡ ᠣᠷᠳᠣᠨ ᠠᠷᠪᠠᠨ  ᠰᠠᠭᠤᠴᠠ ᠶᠢᠨ ᠬᠤᠪᠢᠰᠬᠠᠯᠳᠤ ᠥᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠶᠣᠰᠣᠯᠠᠯ ᠤᠨ ᠲᠠᠩᠬᠢᠮ ᠤᠨ ᠬᠠᠭᠤᠴᠢᠨ ᠪᠠᠭᠤᠷᠢ᠂ ᠬᠢᠩᠭᠠᠨ ᠳᠤᠮᠳᠠᠳᠤ ᠰᠤᠷᠭᠠᠭᠤᠯᠢ ᠶᠢᠨ ᠶᠣᠰᠣᠯᠠᠯ ᠤᠨ ᠲᠠᠩᠬᠢᠮ ᠤᠨ ᠬᠠᠭᠤᠴᠢᠨ ᠪᠠᠭᠤᠷᠢ ᠶᠢ ᠬᠠᠮᠠᠭᠠᠯᠠᠯᠲᠠ ᠶᠢᠨ ᠴᠢᠨᠠᠷᠲᠠᠢ ᠪᠠᠷ ᠠᠰᠢᠭᠯᠠᠵᠤ᠂ ᠨᠡᠩ ᠤᠯᠠᠨ ᠰᠣᠳᠣᠨ ᠵᠢᠭᠤᠯᠴᠢᠯᠠᠯ ᠤᠨ ᠵᠠᠮ ᠱᠤᠭᠤᠮ᠂ ᠳᠤᠷᠠᠰᠬᠠᠯ ᠤᠨ ᠪᠦᠲᠦᠭᠡᠭᠳᠡᠬᠦᠨ ᠢ ᠵᠢᠷᠤᠭᠯᠠᠨ ᠲᠥᠯᠥᠪᠯᠡᠵᠦ᠂ ᠬᠤᠪᠢᠰᠬᠠᠯᠳᠤ ᠵᠢᠭᠤᠯᠴᠢᠯᠠᠯ ᠤᠨ ᠰᠢᠨ᠎ᠡ ᠶᠢ ᠡᠭᠦᠳᠬᠦ ᠪᠠ ᠬᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠠᠬᠢᠭᠤᠯᠤᠨ᠎ᠠ᠃ ᠣᠳᠣᠨ ᠲᠠᠰ ᠤᠨ ᠪᠠᠭᠤᠳᠠᠯ᠂ ᠬᠥᠳᠡᠭᠡ ᠲᠣᠰᠬᠤᠨ ᠤ ᠭᠥᠯᠢᠶᠡᠨ ᠠᠪᠬᠤ ᠡᠷᠦᠬᠡ ᠶᠢ ᠬᠥᠭᠵᠢᠭᠦᠯᠵᠦ᠂ ᠵᠢᠭᠤᠯᠴᠢᠯᠠᠯ ᠤᠨ ᠲᠡᠮᠳᠡᠭ ᠤᠨ ᠫᠠᠶᠢᠰᠠ ᠢᠯᠡᠷᠬᠡᠶᠢᠯᠡᠯ᠂ ᠤᠯᠠᠭ᠎ᠠ ᠥᠷᠲᠡᠭᠡ ᠵᠡᠷᠭᠡ ᠢᠵᠢ ᠪᠦᠷᠢᠳᠦᠭᠦᠯᠬᠦ  ᠲᠦᠬᠦᠭᠡᠷᠤᠮᠵᠢ ᠶᠢ ᠲᠡᠭᠦᠯᠳᠡᠷᠵᠢᠭᠦᠯᠦᠨ᠂ ᠪᠥᠬᠦ ᠵᠢᠯ ᠤᠨ ᠵᠢᠭᠤᠯᠴᠢᠯᠠᠯ ᠤᠨ ᠬᠥᠮᠥᠨ ᠤ ᠲᠤᠭ᠎ᠠ᠂ ᠶᠡᠷᠦᠩᠬᠡᠶᠢᠯᠡᠭᠰᠡᠨ ᠣᠷᠣᠯᠭ᠎ᠠ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ᠵᠢᠷᠭᠤᠭ᠎ᠠ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠦᠢᠯᠡᠳᠦᠯᠭᠡᠵᠢᠭᠦᠯᠵᠦ ᠠᠷᠠᠳ ᠤᠨ ᠠᠮᠢᠳᠤᠷᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠᠨᠡᠶᠢᠭᠡᠮ ᠤᠨ ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠲᠠᠭᠤ ᠲᠣᠨᠤᠭ ᠵᠥᠭᠡᠯᠡᠨ ᠲᠣᠨᠤᠭ ᠤᠨ ᠬᠤᠣᠰ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠩ ᠶᠦᠨ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ᠂ ᠬᠢᠩᠭᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠡᠭᠡᠭᠡᠯᠲᠡ ᠲᠠᠢ ᠪᠠᠷ ᠰᠤᠷᠭᠠᠭᠤᠯᠢ ᠡᠷᠭᠢᠯᠡᠬᠦ᠂ ᠬᠤᠯᠪᠤᠭᠠᠯᠠᠨ ᠰᠤᠷᠭᠠᠭᠤᠯᠢ ᠡᠷᠭᠢᠯᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠬᠤ ᠶᠢ ᠠᠬᠢᠭᠤᠯᠤᠨ᠎ᠠ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠲᠠᠰ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠷᠬᠡ ᠲᠡᠭᠰᠢ᠂ ᠲᠦᠭᠡᠮᠡᠯ ᠠᠰᠢᠭ ᠬᠦᠷᠲᠡᠭᠡᠬᠦ ᠡᠷᠡᠭᠦᠯ ᠮᠡᠨᠳᠦ ᠶᠢᠨ ᠦᠢᠯᠡᠴᠢᠯᠡᠭᠡ ᠶᠢ ᠭᠥᠷᠳᠡᠬᠦ ᠶᠢ ᠪᠠᠲᠤᠯᠠᠨ᠎ᠠ᠃ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠵᠢᠷᠦᠬᠡᠨ ᠤ ᠳᠣᠲᠣᠷ ᠰᠠᠯᠠᠭ᠎ᠠ᠂ ᠡᠩ ᠤᠨ ᠭᠠᠳᠠᠷ ᠰᠠᠯᠠᠭ᠎ᠠ ᠵᠡᠷᠭᠡ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠮᠡᠷᠭᠡᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠲᠡᠭᠡᠭᠰᠢᠯᠡᠬᠦᠯᠤᠨ᠎ᠡ᠃  ᠬᠢᠩᠭᠠᠨ ᠤ ᠰᠢᠨ᠎ᠡ ᠶᠢ ᠡᠭᠦᠳᠬᠦ ᠶᠢ ᠬᠦᠳᠤᠯᠤᠨ ᠲᠠᠭᠠᠭᠤᠯᠬᠤ ᠲᠦᠪ ᠨᠠᠢᠮᠠᠨ ᠶᠡᠭᠡ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂  ᠬᠦᠳᠤᠯᠤᠨ ᠳᠠᠭᠠᠭᠤᠯᠬᠤ ᠦᠢᠯᠡᠳᠬᠡᠯ ᠤᠨ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠨ᠂ ︽ᠡᠮᠦᠨ᠎ᠡ ᠨᠢ ᠳᠡᠯᠭᠡᠭᠦᠷ ᠬᠤᠶᠢᠨ᠎ᠠ ᠨᠢ ᠦᠢᠯᠡᠳᠪᠦᠷᠢ︾ ᠨᠢ ᠪᠣᠳᠠᠰ ᠤᠨ ᠪᠤᠰᠤ ᠰᠣᠶᠣᠯ ᠤᠨ ᠥᠪ ᠤᠨ ︽ᠬᠠᠭᠤᠴᠢᠨ ᠢᠶᠠᠨ ᠪᠠᠷᠢᠮᠳᠠᠯᠠᠭᠰᠠᠨ ᠤᠷᠠᠯᠢᠭ︾  ᠢ ᠨᠡᠩ ᠢᠯᠡᠬᠦᠤ ᠭᠡᠷᠡᠯ ᠬᠢᠯᠪᠠᠭ᠎ᠠ ᠲᠠᠢ ᠪᠤᠯᠭᠠᠬᠤ ᠳᠤ ᠬᠦᠴᠦᠨ ᠨᠡᠮᠡᠷᠢᠯᠡᠨ᠎ᠡ᠃ ᠵᠧᠩ ᠴᠧᠨ ᠸᠧᠨ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠣᠯᠠᠨ ᠲᠦᠮᠡᠨ ᠤ ᠰᠣᠶᠣᠯ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠴᠢᠨᠠᠷ ᠰᠠᠶᠢᠲᠠᠢ ᠰᠠᠶᠢᠲᠤᠷ ᠡᠷᠭᠢᠯᠡᠵᠦ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃    ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠶᠢ ᠲᠤᠭᠳᠠᠭᠤᠨ ᠪᠠᠶᠢᠯᠭᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠤᠩ ᠶᠠᠨ ᠠᠵᠢᠯ ᠤᠨ ᠪᠠᠶᠢᠷᠢ ᠬᠦᠷᠭᠡᠵᠦ ᠠᠵᠢᠯ ᠣᠯᠭᠤᠬᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠪᠦᠯᠬᠦᠮ ᠨᠡᠶᠢᠳᠡ ᠶᠢᠨ ᠠᠵᠢᠯ ᠣᠯᠬᠤ ᠪᠠ ᠦᠢᠯᠡᠰ ᠪᠤᠰᠬᠠᠬᠤ ᠶᠢ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠬᠤᠲᠠ ᠪᠠᠯᠭᠠᠰᠤᠨ ᠤ ᠪᠣᠳᠠᠲᠠᠢ ᠬᠦᠴᠢᠷᠳᠡᠯ ᠲᠠᠢ ᠬᠥᠮᠥᠰ ᠢ ᠠᠪᠤᠷᠠᠨ ᠲᠤᠰᠠᠯᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠲᠠᠷᠬᠠᠭᠠᠵᠤ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃  ᠨᠠᠰᠤᠳᠠᠶᠢᠴᠤᠳ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠢᠶᠠᠨ ᠵᠢᠶᠣᠣ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠭᠡᠭᠡᠨᠰᠦ᠋ᠮ᠎ᠠ ᠶᠢᠨ ᠣᠷᠣᠨ ᠪᠦᠰᠡ ᠶᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠣᠯᠠᠨ ᠲᠠᠰ ᠳᠠᠪᠬᠤᠷᠭ᠎ᠠ ᠶᠢᠨ᠂ ᠣᠯᠠᠨ ᠴᠢᠳᠠᠮᠵᠢᠲᠤ ᠨᠠᠰᠤᠵᠢᠯ ᠤᠨ ᠬᠤᠯᠪᠣᠭᠠᠲᠤ ᠴᠣᠭᠴᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠹᠦ᠋ ᠮᠢᠨ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠬᠡᠦᠬᠡᠳ ᠰᠠᠭᠠᠲᠠᠭᠤᠯᠬᠤ ᠰᠤᠷᠭᠠᠨ ᠬᠥᠮᠦᠵᠢᠯ ᠤᠨ ᠲᠤᠷᠰᠢᠯᠲᠠ ᠶᠢᠨ  ᠴᠡᠭ ᠢ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠨᠢᠯᠬᠠᠰ ᠢ ᠬᠥᠮᠥᠵᠢᠭᠦᠯᠬᠦ ᠤᠶᠢᠯᠡᠴᠢᠯᠡᠭᠡᠨ ᠤ ᠰᠠᠭᠤᠷᠢ ᠶᠢ ᠪᠠᠳᠤᠳᠬᠠᠨ᠎ᠠ᠃  ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠬᠤ᠂ ᠳᠥᠪᠬᠢᠨᠡᠭᠦᠯᠦᠨ ᠠᠵᠢᠯ ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠦᠬᠦᠭᠡᠷᠤᠮᠵᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠶᠢ ᠰᠢᠯᠭᠠᠨ ᠠᠪᠬᠤ ᠪᠡᠯᠡᠳᠬᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠤᠯᠤᠰ ᠲᠤ ᠵᠠᠯᠭᠠᠭ᠎ᠠ ᠪᠠᠷ ᠨᠠᠢᠮᠠ ᠤᠳᠠᠭ᠎ᠠ ᠮᠠᠩᠯᠠᠶᠢᠯᠠᠵᠤ᠂ ᠥᠪᠡᠷᠲᠡᠭᠡᠨ ᠵᠠᠰᠠᠬᠤ ᠣᠷᠣᠨ ᠳᠤ ᠵᠠᠯᠭᠠᠭ᠎ᠠ ᠪᠠᠷ ᠠᠷᠪᠠ ᠤᠳᠠᠭ᠎ᠠ ᠮᠠᠩᠯᠠᠶᠢᠯᠠᠬᠤ ᠪᠠᠷ ᠴᠢᠷᠮᠠᠶᠢᠨ᠎ᠠ᠃     ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠠᠨᠠᠭᠠᠴᠢᠯᠠᠭ᠎ᠠ ᠠᠴᠠ ᠪᠠᠨ ᠴᠠᠭᠳᠠᠭᠠᠨ ᠤ ᠶᠠᠪᠤᠳᠠᠯ ᠢ ᠬᠡᠷᠡᠭᠵᠢᠭᠦᠯᠵᠦ᠂ ︽ᠠᠮᠤᠷ ᠠᠮᠤᠭᠤᠯᠠᠩ ᠬᠠᠮᠲᠤ ᠶᠢᠨ ᠴᠣᠭᠴᠠ︾ ᠶᠢ ᠪᠠᠶᠢᠭᠤᠯᠵᠤ᠂ ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠵᠣᠯ ᠵᠢᠷᠭᠠᠯ ᠲᠠᠢ ᠠᠮᠤᠷ ᠲᠣᠭᠲᠠᠭᠤᠨ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠪᠦᠬᠦ ᠤᠯᠤᠰ ᠤᠨ ᠵᠠᠬᠢᠳᠠᠯ ᠰᠣᠷᠪᠤᠯᠵᠢᠯᠠᠯ ᠤᠨ ᠬᠠᠤᠯᠢᠵᠢᠯ ᠤᠨ ᠲᠤᠷᠰᠢᠯᠲᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠨᠡᠶᠢᠭᠡᠮ ᠤᠨ ᠵᠠᠰᠠᠯᠲᠠ ᠶᠢᠨ ᠠᠮᠤᠷ ᠲᠦᠪᠰᠢᠨ ᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠪᠠᠲᠤ ᠰᠠᠬᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ ᠪᠠᠶᠢᠭᠤᠯᠤᠯᠲᠠ ᠪᠠ ᠡᠳ᠋ ᠪᠣᠳᠠᠰ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠶᠤᠯ ᠲᠠᠢ ᠬᠢᠮᠢ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ  ᠡ᠊ᠨᠳᠡᠯ ᠡᠭᠦᠰᠬᠦ ᠶᠢ ᠡᠷᠡᠰ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠠᠵᠢᠯ ᠢ ᠲᠣᠬᠢᠲᠠᠢ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ  ᠢ ᠪᠠᠲᠤ ᠰᠠᠬᠢᠨ᠎ᠠ᠃            ᠦᠨᠳᠦᠰᠦᠲᠡᠨ ᠤ ᠪᠦᠯᠬᠦᠮᠳᠡᠯ ᠤᠨ ᠬᠠᠮᠳᠤᠷᠠᠯ ᠤᠨ ᠬᠦᠴᠦᠨ ᠢ ᠨᠢᠭᠳᠠᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ︽ᠲᠤᠯᠤᠭᠠᠨ   ᠲᠠᠯ᠎ᠠ ᠪᠠᠷ ᠵᠢᠱᠢᠶᠡᠴᠢ ᠪᠤᠯᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠦᠨ᠂ ︽ᠵᠢᠷᠭᠤᠭᠠᠨ ᠦᠭᠡ ᠶᠢᠨ ᠪᠣᠳᠠᠲᠤ  ᠶᠠᠪᠤᠳᠠᠯ ᠪᠠ ᠶᠣᠰᠣ ᠤᠴᠢᠷ︾ ᠢ ᠰᠠᠶᠢᠲᠤᠷ ᠶᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢᠨ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠨ᠎ᠠ᠃ ︽ᠬᠤᠶᠠᠷ ᠣᠷᠣᠨ ᠨᠢᠭᠡ ᠴᠣᠩᠬᠤᠪᠴᠢ︾ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠨ᠂ ︽ᠭᠤᠷᠪᠠᠨ ᠤᠳᠬ᠎ᠠ ᠠᠭᠤᠯᠭ᠎ᠠ︾ ᠶᠢᠨ ᠵᠢᠱᠢᠶ᠎ᠡ ᠦᠵᠡᠭᠦᠯᠬᠦ ᠬᠠᠷᠢᠯᠴᠠᠬᠤ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠭᠤᠷᠪᠠᠨ ᠲᠥᠯᠥᠪᠯᠡᠭᠡ︾ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠠᠬᠢᠭᠤᠯᠬᠤ︾ ᠶᠢ ᠡᠭᠦᠳᠦᠨ ᠪᠠᠶᠢᠭᠤᠯᠬᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠥᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢᠰᠬᠠᠯ ᠤᠨ ᠦᠵᠡᠭᠳᠡᠯᠲᠦ ᠵᠦᠴᠦᠭᠡ ᠶᠢ ᠨᠠᠶᠢᠷᠠᠭᠤᠯᠤᠨ ᠵᠢᠭᠰᠠᠭᠠᠬᠤ ᠵᠡᠷᠭᠡ ᠬᠤᠪᠢᠰᠬᠠᠯᠳᠤ ᠬᠥᠮᠦᠵᠢᠯ ᠤᠨ ︽ᠠᠷᠪᠠᠨ ᠨᠢᠭᠡ︾ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠥᠷᠨᠢᠭᠦᠯᠵᠦ᠂ ᠬᠤᠪᠢᠰᠬᠠᠯᠳᠤ ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠮᠠᠭᠲᠠᠭᠠᠯ ᠳᠠᠭᠤᠤ ᠶᠢ ᠰᠠᠶᠢᠲᠤᠷ ᠳᠠᠭᠤᠯᠠᠨ᠎ᠠ᠃    ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠳᠤᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ    ᠲᠥᠯᠥᠭᠡᠯᠡᠭᠴᠢᠳ ᠠ᠋᠂ ᠠᠷᠠᠳ ᠲᠦᠮᠡᠨ ᠳᠤ ᠬᠠᠷᠢᠭᠤᠴᠠᠬᠤ ᠪᠣᠯ ᠵᠠᠰᠠᠭ ᠤᠨ ᠣᠷᠳᠣᠨ ᠤ ᠠᠵᠢᠯ ᠤᠨ ᠲᠡᠷᠢᠭᠦᠨ ᠪᠠᠷᠢᠮᠵᠢᠶ᠎ᠠ ᠮᠥᠨ᠂ ᠠᠷᠠᠳ ᠲᠦᠮᠡᠨ ᠳᠤ ᠦᠢᠯᠡᠴᠢᠯᠡᠬᠦ ᠪᠣᠯ ᠵᠠᠰᠠᠭ ᠤᠨ ᠣᠷᠳᠣᠨ ᠤ ᠠᠵᠢᠯ ᠤᠨ ᠲᠡᠷᠢᠭᠦᠨ ᠴᠢᠬᠤᠯᠠ ᠡᠭᠦᠷᠭᠡ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠪᠣᠯ ᠵᠠᠰᠠᠭ ᠤᠨ ᠣᠷᠳᠣᠨ ᠤ ᠠᠵᠢᠯ ᠤᠨ ᠲᠡᠷᠢᠭᠦᠨ ᠬᠥᠭᠡᠭᠡᠴᠡᠯᠳᠦᠯ ᠮᠥᠨ᠃ ᠪᠢᠳᠡ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠰᠤᠷᠲᠠᠯ ᠢᠶᠠᠷ ᠬᠠᠤᠯᠢᠵᠢᠯ ᠤᠨ ᠵᠠᠰᠠᠭ ᠤᠨ ᠣᠷᠳᠣᠨ᠂ ᠦᠷ᠎ᠡ ᠪᠦᠲᠦᠮᠵᠢᠲᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃    ᠤᠯᠤᠰ ᠲᠦᠷᠦ ᠶᠢᠨ ᠲᠠᠯ᠎ᠠ ᠪᠠᠷ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠢᠮᠠᠭᠲᠠ ᠦᠢᠯᠡᠳᠦᠯᠭᠡᠵᠢᠭᠦᠯᠤᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠬᠤᠶᠠᠷ ᠢ ᠲᠣᠭᠲᠠᠭᠠᠬᠰᠠᠨ︾   ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ᠬᠠᠤᠯᠢ ᠪᠠᠷ ᠵᠠᠰᠠᠬᠤ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃  ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠡᠷᠬᠡ ᠶᠢ ᠢᠯᠡ ᠲᠣᠳᠣ᠂ ᠢᠯᠡ ᠪᠠᠷ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠥᠯᠥᠭᠡᠯᠡᠭᠴᠢᠳ ᠤᠨ ᠰᠠᠨᠠᠭᠤᠯᠭ᠎ᠠ ᠪᠠ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠨᠡᠩ ᠤᠯᠠᠨ ︽ᠰᠠᠶᠢᠨ ᠠᠷᠭ᠎ᠠ︾ ᠶᠢ ᠠᠷᠠᠳ ᠲᠤ ᠠᠰᠢᠭ ᠬᠦᠷᠲᠡᠭᠡᠬᠦ ︽ᠰᠠᠶᠢᠨ ᠪᠤᠳᠤᠯᠭ᠎ᠠ︾ ᠪᠣᠯᠭᠠᠨ ᠬᠤᠪᠢᠷᠠᠭᠤᠯᠤᠨ᠎ᠠ᠃    ᠠᠷᠠᠳ ᠲᠦᠮᠡᠨ ᠢ ᠳᠡᠭᠡᠳᠦᠯᠡᠬᠦ ᠶᠢ ᠦᠢᠯᠡᠳᠦᠯᠭᠡᠵᠢᠭᠦᠯᠵᠦ᠂ ᠰᠢᠨᠲᠠᠷᠠᠰᠢ ᠦᠭᠡᠢ ᠪᠣᠳᠠᠲᠠᠢ ᠠᠵᠢᠯᠯᠠᠵᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠦᠨᠡᠨᠴᠢ ᠢᠲᠡᠭᠡᠮᠵᠢᠲᠡᠢ ᠤᠯᠠᠭᠠᠨᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠬᠠᠷᠠᠯᠲᠠ ᠪᠠᠨ ᠲᠣᠭᠲᠠᠭᠠᠮᠠᠭᠴᠠ ᠳᠠᠷᠤᠶᠢᠬᠠᠨ ᠪᠡᠶᠡᠯᠡᠭᠦᠯᠵᠦ᠂ ᠠᠮᠠᠯᠠᠯᠲᠠ ᠶᠢᠨ ᠵᠦᠢᠯᠡᠰ ᠢᠶᠠᠨ ᠡᠷᠡᠰ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢᠶᠠᠨ ᠰᠢᠨ᠎ᠡ ᠠᠬᠢᠴᠠ ᠲᠠᠢ ᠪᠣᠯᠭᠠᠵᠤ᠂ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠵᠤ᠂ ᠬᠥᠭᠵᠢᠯᠲᠡ ᠶᠢ ᠠᠬᠢᠭᠤᠯᠤᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠳᠤ ᠪᠣᠳᠠᠲᠤ ᠶᠠᠪᠤᠳᠠᠯ ᠢ ᠪᠦᠳᠤᠭᠡᠨ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃     ᠲᠥᠪ ᠴᠢᠬᠡᠴᠢ ᠮᠥᠨ ᠴᠢᠨᠠᠷ ᠢᠶᠠᠨ ᠪᠠᠲᠤ ᠰᠠᠬᠢᠵᠤ᠂ ᠡᠷᠡᠰ ᠭᠤᠶᠢᠪᠢᠰᠢ ᠦᠭᠡᠢ ᠪᠠᠷ ᠠᠷᠢᠭᠤᠨ ᠴᠢᠬᠡᠴᠢ ᠪᠠᠷ ᠲᠦᠷᠦ ᠪᠠᠷᠢᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ︾ ᠠᠰᠠᠭᠤᠳᠠᠯ ᠤᠨ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠲᠥᠪ   ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠎ᠠ᠃ ᠵᠠᠰᠠᠭ ᠤᠨ ᠣᠷᠳᠣᠨ ᠲᠦᠷᠦᠭᠦᠯᠡᠨ ᠠᠷᠪᠢᠯᠠᠨ ᠭᠠᠮᠨᠠᠵᠤ᠂ ᠡᠷᠬᠡᠪᠰᠢ ᠭᠠᠷᠭᠠᠬᠤ ᠵᠠᠷᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃    ᠲᠥᠯᠥᠭᠡᠯᠡᠭᠴᠢᠳ ᠠ᠋᠂ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ︽ᠣᠯᠠᠨ ᠲᠦᠮᠡᠨ ᠳᠤᠷᠠᠳᠴᠤ᠂ ᠲᠥᠯᠥᠭᠡᠯᠡᠭᠴᠢ ᠲᠣᠭᠲᠠᠭᠠᠵᠤ᠂ ᠵᠠᠰᠠᠭ ᠤᠨ ᠣᠷᠳᠣᠨ ᠭᠦᠢᠴᠡᠳᠬᠡᠬᠦ︾ ᠣᠶᠢᠯᠠᠭᠠᠭᠳᠠᠬᠤᠨ ᠶᠣᠰᠣᠭᠠᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠳ ᠤᠨ 6 ᠲᠥᠷᠥᠯ ᠵᠦᠢᠯ ᠢ ᠡᠮᠬᠢᠯᠡᠨ ᠪᠦᠷᠢᠯᠳᠦᠭᠦᠯᠵᠦ᠂ ᠲᠥᠯᠥᠭᠡᠯᠡᠭᠴᠢᠳ ᠲᠤ ᠪᠢᠯᠧᠲ ᠥᠭᠴᠦ ᠰᠢᠢᠳᠪᠦᠷᠢᠯᠡᠭᠦᠯᠬᠦ ᠪᠠᠷ ᠳᠡᠪᠰᠢᠭᠦᠯᠦᠨ᠎ᠡ᠃ ᠪᠢᠳᠡ ᠪᠢᠯᠧᠲ ᠢᠶᠠᠷ ᠲᠠᠰᠤᠯᠤᠭᠰᠠᠨ ᠦᠷ᠎ᠡ ᠳ᠋ᠦᠩ ᠢ ᠦᠨᠳᠦᠰᠦᠯᠡᠨ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠪᠠᠷ ᠬᠢᠨ᠎ᠡ᠃   ᠲᠥᠯᠥᠭᠡᠯᠡᠭᠴᠢᠳ ᠠ᠋᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠰᠢᠨᠲᠠᠷᠠᠰᠢ ᠦᠭᠡᠢ ᠵᠢᠳᠬᠦᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠰᠢᠨ᠎ᠡ ᠠᠮᠵᠢᠯᠲᠠ ᠪᠦᠲᠦᠮᠵᠢ ᠶᠢ ᠬᠥᠰᠡᠷᠳᠡᠭᠦᠯᠬᠦ ᠦᠭᠡᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠢᠯᠠᠯᠲᠠ ᠶᠢ ᠲᠡᠮᠡᠴᠡᠨ ᠣᠯᠣᠶ᠎ᠠ︕
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号