︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷ᠎ᠡ ᠦᠭᠡ᠂ ᠲᠣᠪᠴᠢᠯᠠᠭᠰᠠᠨ ᠦᠭᠡ ᠶᠢᠨ ᠲᠠᠶᠢᠯᠪᠤᠷᠢᠯᠠᠯᠲᠠ
ᠨᠡᠶᠢᠲᠡᠯᠡᠭᠰᠡᠨ ᠴᠠᠭ᠄
2024/3/5
    1.ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ︽ᠲᠠᠪᠤᠨ ᠶᠠᠪᠤᠴᠠ︾ ᠶᠢᠨ ᠦᠢᠯᠡᠴᠢᠯᠡᠭᠡ᠄ ᠪᠠᠶᠢᠴᠠᠭᠠᠨ ᠬᠡᠮᠵᠢᠬᠦ᠂ ᠴᠡᠪᠡᠷᠯᠡᠬᠦ᠂ ᠬᠠᠲᠠᠭᠠᠬᠤ ᠪᠠ ᠬᠠᠳᠠᠭᠠᠯᠠᠬᠤ᠂ ᠪᠣᠷᠣᠯᠠᠭᠤᠯᠬᠤ ᠶᠢ ᠣᠷᠣᠯᠠᠭᠤᠯᠬᠤ ᠶᠢ ᠵᠢᠭᠠᠵᠤ ᠪᠠᠶᠢᠨ᠎ᠠ᠃    2. ᠬᠤᠩ ᠶᠠᠨ ᠠᠵᠢᠯ ᠤᠨ ᠪᠠᠶᠢᠷᠢ ᠬᠦᠷᠭᠡᠬᠦ ᠭᠠᠵᠠᠷ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠠᠵᠢᠯ ᠣᠯᠭᠤᠯᠲᠠ ᠶᠢᠨ ᠦᠢᠯᠡᠴᠢᠯᠡᠭᠡᠨ ᠤ ᠵᠢᠵᠢᠭ ᠲᠠᠰ ᠳᠠᠷᠠᠭᠠᠯᠠᠯ ᠢ ᠵᠢᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠯᠢ ᠣᠯᠠᠨ ᠴᠢᠳᠠᠮᠵᠢ ᠶᠢ ᠴᠤᠭᠯᠠᠭᠤᠯᠵᠤ᠂ ᠠᠷᠠᠳ ᠣᠯᠠᠨ ᠳᠤ ᠠᠵᠢᠯ ᠤᠨ ᠪᠠᠶᠢᠷᠢ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ᠂ ᠴᠢᠳᠠᠪᠤᠷᠢᠲᠠᠨ ᠬᠦᠷᠭᠡᠬᠦ ᠶᠢ ᠵᠢᠭᠠᠨ᠎ᠠ᠃ ᠠᠷᠠᠳ ᠤᠯᠠᠨ ᠭᠠᠷ ᠤᠲᠠᠰᠤ ᠪᠠᠷ ᠺᠣᠳ᠋ ᠰᠢᠷᠪᠢᠪᠡᠯ ᠳᠠᠷᠤᠢ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠡᠵᠡᠮᠰᠢᠵᠦ᠂ ᠲᠣᠭᠠᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠬᠦᠴᠦᠲᠡᠢ ᠠᠬᠢᠭᠤᠯᠵᠤ᠂ ᠬᠥᠮᠥᠨ ᠪᠦᠬᠦᠨ ᠠᠵᠢᠯ ᠤᠨ ᠪᠠᠶᠢᠷᠢ ᠲᠠᠢ᠂ ᠬᠥᠮᠥᠨ ᠪᠦᠬᠦᠨ ᠠᠵᠢᠯ ᠦᠢᠯᠡᠰ ᠪᠦᠲᠦᠭᠡᠬᠦ᠂ ᠬᠥᠮᠥᠨ ᠪᠦᠬᠦᠨ ᠣᠷᠣᠨ ᠪᠠᠶᠢᠷᠢ ᠲᠠᠢ᠂ ᠤᠯᠠᠨ ᠢᠶᠠᠷ ᠢᠶᠠᠨ ᠦᠢᠯᠡᠰ ᠪᠣᠰᠬᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠴᠦ ᠠᠵᠢᠯ ᠣᠯᠵᠤ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠴᠢᠳᠠᠨ᠎ᠠ᠃   3.ᠲᠠᠪᠤᠨ ᠶᠡᠭᠡ ᠲᠥᠪ᠄ ᠴᠡᠭᠡᠵᠢ ᠬᠦᠨᠳᠠᠢ ᠶᠢᠨ ᠡᠮᠴᠢᠯᠡᠭᠡᠨ ᠤ ᠲᠥᠪ᠂  ᠰᠠ ᠡᠪᠡᠳᠴᠢᠨ ᠤ ᠡᠮᠴᠢᠯᠡᠭᠡᠨ ᠤ ᠲᠦᠪ᠂ ᠰᠢᠷᠬ᠎ᠠ ᠶᠢ ᠵᠠᠰᠠᠬᠤ ᠲᠥᠪ᠂ ᠠᠶᠤᠯ ᠶᠡᠬᠡᠲᠡᠢ ᠵᠢᠷᠮᠦᠰᠦᠨ ᠡᠮᠡᠭᠲᠡᠢ ᠶᠢ ᠠᠪᠤᠷᠠᠨ ᠡᠮᠴᠢᠯᠡᠬᠦ ᠲᠥᠪ᠂ ᠠᠶᠤᠯ ᠶᠡᠬᠡᠲᠡᠢ ᠬᠡᠦᠬᠡᠳ ᠪᠠ ᠨᠢᠷᠠᠢ ᠬᠡᠦᠬᠡᠳ ᠢ ᠠᠪᠤᠷᠠᠨ ᠡᠮᠴᠢᠯᠡᠬᠦ ᠲᠥᠪ ᠢ ᠵᠢᠭᠠᠵᠤ ᠪᠠᠶᠢᠨ᠎ᠠ᠃      4. ᠤᠮᠠᠷᠠᠲᠤ ᠬᠢᠯᠢ ᠶᠢᠨ ᠹᠧᠩᠴᠢᠶᠤᠤ · ᠱᠠᠨ ᡁᠢ ᠬᠢᠩᠭᠠᠨ᠄ ᠪᠦᠬᠦ ᠠᠶᠢᠮᠠᠭ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠶᠡᠷᠦᠩᠬᠡᠢ ᠨᠡᠷᠡᠲᠦ ᠲᠡᠮᠳᠡᠭ ᠢ ᠵᠢᠭᠠᠵᠤ᠂ ᠠᠭᠤᠯᠭ᠎ᠠ ᠨᠢ ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠬᠦᠯᠬᠦ︾᠂ ︽ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ ᠶᠢ ᠦᠢᠯᠡᠳᠦᠯᠭᠡᠵᠢᠭᠦᠯᠬᠦ︾᠂ ︽ᠪᠤᠶᠠᠨᠰᠠᠭ ᠢᠶᠠᠷ ᠵᠠᠰᠠᠬᠤ ᠶᠢ ᠪᠤᠳᠤᠬᠤ︾ ᠵᠡᠷᠭᠡ ᠨᠡᠶᠢᠭᠡᠮ ᠤᠨ ᠵᠠᠰᠠᠯᠲᠠ ᠶᠢᠨ ᠭᠤᠣᠯ ᠬᠠᠷᠠᠯᠲᠠ ᠵᠢᠴᠢ ᠣᠶᠢᠯᠠᠭᠠᠭᠳᠠᠬᠤᠨ ᠢ ᠬᠠᠮᠤᠷᠴᠠᠢ᠃ ᠡᠭᠦᠨ ᠤ ᠵᠣᠷᠢᠯᠭ᠎ᠠ ᠨᠢ ᠬᠢᠩᠭᠠᠨ ᠠᠶᠢᠮᠠᠭ ᠤᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠪᠦᠬᠦᠯᠢ ᠴᠣᠭᠴᠠ ᠶᠢᠨ ᠰᠡᠳᠬᠢᠴᠡ ᠪᠠ ᠴᠢᠷᠮᠠᠶᠢᠬᠤ ᠴᠢᠭᠯᠡᠯ ᠳᠤ ᠨᠡᠶᠢᠴᠡᠭᠦᠯᠵᠦ᠂ ᠬᠢᠩᠭᠠᠨ ᠠᠶᠢᠮᠠᠭ ᠤᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠠᠬᠢ ᠡᠯ᠎ᠡ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠠᠮᠢᠳᠤᠯᠢᠭ ᠢᠶᠠᠷ ᠳᠡᠯᠭᠡᠨ ᠦᠵᠡᠭᠦᠯᠵᠦ᠂ ᠡᠯ᠎ᠡ ᠲᠥᠷᠥᠯ ᠤᠨ ᠨᠡᠶᠢᠲᠡᠯᠢᠭ ᠲᠤᠷᠰᠢᠯᠭ᠎ᠠ ᠪᠠ ᠬᠢᠯᠡᠰ ᠴᠡᠭ ᠤᠨ ᠠᠵᠢᠯ ᠢ ᠰᠢᠰᠲ᠋ᠧᠮ ᠲᠠᠢ ᠡᠮᠬᠢᠯᠡᠨ ᠨᠡᠶᠢᠯᠡᠭᠦᠯᠵᠦ᠂ ᠬᠢᠩᠭᠠᠨ ᠠᠶᠢᠮᠠᠭ ᠤᠨ ᠣᠨᠴᠠᠯᠢᠭ ᠲᠠᠢ ᠨᠡᠶᠢᠭᠡᠮ ᠤᠨ ᠵᠠᠰᠠᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠪᠦᠷᠢᠯᠳᠦᠭᠦᠯᠬᠦ ᠶᠢᠨ ᠲᠥᠯᠥᠭᠡ ᠶᠤᠮ᠃    5. ᠣᠲᠤᠨ ᠲᠡᠰ ᠢᠶᠠᠷ ᠦᠨᠡᠯᠡᠨ ᠲᠣᠭᠲᠠᠭᠠᠬᠤ ᠶᠢ ᠵᠠᠷᠯᠠᠨ ᠨᠡᠶᠢᠲᠡᠯᠡᠬᠦ᠄ ᠣᠲᠤᠨ ᠲᠠᠰ ᠢᠶᠠᠷ ᠦᠨᠡᠯᠡᠨ ᠲᠣᠭᠲᠠᠭᠠᠬᠤ ᠭᠡᠳᠡᠭ ᠨᠢ ᠪᠥᠬᠦ ᠬᠤᠲᠠ ᠶᠢᠨ ᠠᠶᠤᠯᠲᠠᠢ ᠬᠢᠮᠢ ᠶᠢᠨ ᠡᠳ᠋ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ ᠪᠠᠷ ᠳᠠᠮᠵᠢᠭᠤᠯᠤᠨ᠂ ᠠᠶᠤᠯᠲᠠᠢ ᠬᠢᠮᠢ ᠶᠢᠨ ᠡᠳ᠋ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠠᠪᠤᠨ ᠣᠳᠣᠨ ᠲᠠᠰ ᠬᠤᠪᠢᠶᠠᠵᠤ᠂ ᠨᠢᠭᠡ ᠣᠳᠣᠨ ᠲᠠᠰ ᠤᠨ ᠬᠢᠨ ᠡᠵᠡᠩᠨᠡᠯᠲᠡ ᠠᠴᠠ ᠭᠠᠷᠭᠠᠬᠤ᠂ ᠬᠤᠶᠠᠷ ᠣᠳᠣᠨ ᠲᠠᠰ ᠤᠨ ᠬᠢᠨ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭᠠᠬᠢ ᠡᠵᠡᠩᠨᠡᠯᠲᠡ ᠬᠢᠬᠦ᠂ ᠭᠤᠷᠪᠠᠨ ᠣᠳᠣᠨ ᠲᠠᠰ ᠤᠨ ᠬᠢᠨ ᠬᠡᠪ ᠤᠨ ᠡᠵᠡᠩᠨᠡᠯᠲᠡ ᠬᠢᠬᠦ᠂ ᠳᠥᠷᠪᠡᠨ ᠣᠳᠣᠨ ᠲᠠᠰ ᠤᠨ  ᠬᠢᠨ ᠠᠮᠤᠷ ᠲᠦᠪᠰᠢᠨ ᠤ ᠡᠵᠡᠩᠨᠡᠯᠲᠡ ᠶᠢᠨ ᠰᠠᠶᠢᠨ ᠠᠵᠤ ᠠᠬᠤᠶᠢᠯᠠᠯ ᠡᠷᠬᠢᠯᠡᠬᠦ᠂ ᠲᠠᠪᠤᠨ ᠣᠳᠣᠨ ᠲᠠᠰ ᠤᠨ   ᠬᠢᠨ ᠠᠮᠤᠷ ᠲᠦᠪᠰᠢᠨ ᠤ ᠰᠢᠯᠢᠳᠡᠭ ᠡᠵᠡᠩᠨᠡᠯᠲᠡ ᠶᠢᠨ ᠠᠵᠤ ᠠᠬᠤᠶᠢᠯᠠᠯ ᠢ ᠲᠣᠭᠲᠠᠭᠠᠬᠤ ᠶᠢ ᠵᠢᠭᠠᠵᠤ ᠪᠣᠶ᠃ ᠡᠭᠦᠨ ᠳᠤ ᠳᠥᠷᠪᠡᠨ ᠣᠳᠣᠨ ᠲᠠᠰ᠂ ᠲᠠᠪᠤᠨ ᠣᠳᠣᠨ ᠲᠠᠰ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠠᠤᠯᠢ ᠬᠡᠷᠡᠭᠵᠢᠭᠦᠯᠦᠯᠲᠡ ᠶᠢᠨ ᠲᠠᠰ ᠪᠠ ᠲᠥᠷᠥᠯ ᠬᠤᠪᠢᠶᠠᠭᠰᠠᠨ ᠱᠠᠭᠠᠷᠳᠠᠯᠭ᠎ᠠ ᠶᠣᠰᠣᠭᠠᠷ ᠪᠠᠶᠢᠴᠠᠭᠠᠬᠤ ᠤᠳᠠᠭ᠎ᠠ ᠶᠢ ᠪᠠᠭᠠᠰᠬᠠᠨ᠎ᠠ᠃ ᠲᠠᠪᠤ   ᠶᠢ ᠵᠠᠷᠯᠠᠨ ᠨᠡᠶᠢᠲᠡᠯᠡᠬᠦ ᠭᠡᠳᠡᠭ ᠨᠢ ᠠᠵᠤ ᠠᠬᠤᠶᠢᠯᠠᠯ ᠤᠨ ᠣᠳᠣᠨ ᠲᠠᠰ᠂ ᠬᠠᠤᠯᠢ ᠴᠠᠭᠠᠵᠠ ᠶᠢᠨ ᠵᠦᠪᠯᠡᠯᠭᠡ ᠦᠭᠬᠦᠭᠴᠢ᠂ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠤᠭᠴᠢ᠂ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢᠨ ᠬᠢᠨᠠᠨ ᠵᠢᠯᠤᠭᠤᠭᠳᠤᠭᠴᠢ᠂ ᠪᠠᠴᠢᠮ ᠪᠠᠶᠢᠳᠠᠯ ᠢ ᠠᠷᠭᠠᠴᠠᠭᠠᠵᠤ ᠬᠦᠮᠤᠰ ᠢ ᠲᠠᠷᠬᠠᠭᠠᠬᠤ ᠬᠥᠲᠥᠯᠥᠨ ᠵᠢᠯᠣᠭᠤᠳᠤᠭᠴᠢ ᠶᠢ ᠬᠡᠷᠡᠮ ᠬᠠᠨ᠎ᠠ ᠳᠡᠭᠡᠷ᠎ᠡ ᠨᠠᠭᠠᠨ ᠵᠠᠷᠯᠠᠨ ᠨᠡᠶᠢᠲᠡᠯᠡᠬᠦ ᠶᠢ ᠵᠢᠭᠠᠵᠤ ᠪᠣᠶ᠃    6. ᠭᠤᠷᠪᠠᠨ ᠵᠦᠢᠯ ᠤᠨ ᠲᠥᠯᠥᠪᠯᠡᠭᠡ᠄ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ ᠶᠢ ᠵᠢᠭᠠᠵᠤ ᠪᠣᠶ᠃    7. ᠬᠤᠶᠠᠷ ᠢ ᠰᠢᠯᠢᠳᠡᠭᠵᠢᠬᠦᠯᠬᠦ᠄ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ ᠶᠢ ᠵᠢᠭᠠᠨ᠎ᠠ᠃    8. ᠵᠢᠷᠭᠤᠭᠠᠨ ᠢᠨᠵᠧᠨᠧᠷᠢᠩ᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ  ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂  ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠣᠶ᠃    9. ᠭᠤᠷᠪᠠ ᠶᠢ ᠲᠣᠭᠲᠠᠭᠤᠨ ᠪᠠᠶᠢᠯᠭᠠᠵᠤ ᠲᠠᠪᠤ ᠶᠢ ᠠᠬᠢᠭᠤᠯᠬᠤ᠄ ᠭᠤᠷᠪᠠ ᠶᠢ ᠲᠣᠭᠲᠠᠭᠤᠨ ᠪᠠᠶᠢᠯᠭᠠᠬᠤ ᠭᠡᠳᠡᠭ  ᠨᠢ ᠠᠮᠢ ᠠᠬᠤᠢ ᠶᠢ ᠲᠣᠭᠲᠠᠭᠤᠨ ᠪᠠᠶᠢᠯᠭᠠᠬᠤ᠂ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ᠂ ᠠᠮᠤᠷ ᠲᠦᠪᠰᠢᠨ ᠢ ᠲᠣᠭᠲᠠᠭᠤᠨ ᠪᠠᠶᠢᠯᠭᠠᠬᠤ ᠶᠢ ᠵᠢᠭᠠᠵᠤ ᠪᠣᠶ᠃ ᠲᠠᠪᠤ ᠶᠢ ᠠᠬᠢᠭᠤᠯᠬᠤ ᠭᠡᠳᠡᠭ ᠨᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠠᠬᠢᠭᠤᠯᠬᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠬᠤ ᠶᠢ ᠵᠢᠭᠠᠵᠤ ᠪᠠᠶᠢᠨ᠎ᠠ᠃    10. ᠬᠤᠶᠠᠷ ᠵᠠᠮ ᠬᠤᠶᠠᠷ ᠬᠥᠭᠦᠷᠭᠡ᠄ ᠬᠤᠲᠠ ᠶᠢ ᠲᠤᠭᠤᠷᠢᠭᠰᠠᠨ ᠪᠠᠷᠠᠭᠤᠨ ᠵᠠᠮ ᠤᠨ ᠲᠥᠷᠥᠯ ᠵᠦᠢᠯ᠂ ᠠᠵᠤ ᠦᠢᠯᠡᠳᠪᠦᠷᠢ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠵᠠᠮ ᠤᠨ ᠲᠥᠷᠥᠯ ᠵᠦᠢᠯ᠂ ᠵᠠᠰᠠᠭᠲᠤ ᠲᠤᠭᠤᠷ  ᠤᠨ ᠭᠤᠣᠯ ᠢ ᠰᠤᠨᠳᠠᠯᠠᠭᠰᠠᠨ ᠶᠡᠭᠡ ᠬᠥᠭᠦᠷᠭᠡ ᠶᠢᠨ ᠲᠥᠷᠥᠯ ᠵᠦᠢᠯ᠂ ᠶᠦᠩ ᠯᠢᠶᠠᠨ ᠶᠡᠭᠡ ᠬᠥᠭᠦᠷᠭᠡ ᠶᠢᠨ ᠲᠥᠷᠥᠯ ᠵᠦᠢᠯ ᠪᠠᠭᠳᠠᠨ᠎ᠠ᠃     11.ᠬᠤᠳᠠ ᠶᠢᠨ ᠬᠠᠮᠢᠶᠠᠷᠤᠯᠲᠠ ᠶᠢᠨ ︽721︾ ᠠᠵᠢᠯ ᠤᠨ ᠠᠷᠭ᠎ᠠ᠄ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠰᠠᠨᠠᠭᠠᠴᠢᠯᠠᠭᠰᠠᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠵᠠᠭᠪᠤᠷ ᠢ ᠵᠢᠭᠠᠵᠤ ᠪᠠᠶᠢᠨ᠎ᠠ᠂ ᠲᠤᠬᠠᠶᠢᠯᠠᠪᠠᠯ 70% ᠶᠢᠨ ᠠᠰᠠᠭᠤᠳᠠᠯ ᠢ ᠦᠢᠯᠡᠴᠢᠯᠡᠭᠡᠨ ᠤ ᠠᠷᠭ᠎ᠠ ᠪᠠᠷᠢᠯ ᠢᠶᠠᠷ ᠰᠢᠢᠳᠪᠦᠷᠢᠯᠡᠵᠦ᠂ 20% ᠶᠢᠨ ᠠᠰᠠᠭᠤᠳᠠᠯ ᠢ ᠬᠠᠮᠢᠶᠠᠷᠤᠯᠲᠠ ᠶᠢᠨ ᠠᠷᠭ᠎ᠠ ᠪᠠᠷᠢᠯ ᠢᠶᠠᠷ ᠰᠢᠢᠳᠪᠦᠷᠢᠯᠡᠵᠦ᠂ 10% ᠶᠢᠨ ᠠᠰᠠᠭᠤᠳᠠᠯ ᠢ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢᠶᠠᠷ ᠰᠢᠢᠳᠪᠦᠷᠢᠯᠡᠨ᠎ᠡ᠂ ᠲᠡᠭᠦᠨ ᠤ ᠭᠤᠣᠯᠳᠠᠯᠭ᠎ᠠ ᠨᠢ ᠬᠥᠮᠥᠨ ᠢᠶᠠᠷ ᠦᠨᠳᠦᠰᠦ ᠪᠤᠯᠭᠠᠵᠤ᠂ ᠠᠵᠢᠯ ᠤᠨ ᠠᠷᠭ᠎ᠠ ᠪᠠᠨ ᠬᠠᠯᠠᠨ ᠰᠠᠶᠢᠵᠢᠷᠠᠭᠤᠯᠵᠤ᠂ ᠰᠠᠨᠠᠭᠠᠴᠢᠯᠠᠭᠠᠲᠤ ᠪᠤᠰᠤ ᠬᠠᠮᠢᠶᠠᠷᠤᠯᠲᠠ ᠶᠢ ᠰᠠᠨᠠᠭᠠᠴᠢᠯᠠᠭᠠᠲᠤ ᠦᠢᠯᠡᠴᠢᠯᠡᠭᠡ ᠪᠣᠯᠭᠠᠨ ᠬᠤᠪᠢᠷᠠᠭᠤᠯᠤᠨ᠎ᠠ᠃    12᠂ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ᠄ ᠪᠥᠬᠦ ᠣᠷᠣᠨ ᠤ ᠬᠡᠪᠴᠢᠶᠡᠨ ᠳᠤ ︽ᠮᠢᠩᠭᠠᠨ ᠲᠦᠮᠡ ᠶᠢᠨ ᠢᠨᠵᠧᠨᠧᠷᠢᠩ︾ ᠢ ᠬᠡᠷᠡᠭᠵᠢᠭᠦᠯᠵᠦ᠂ 10 ᠵᠢᠱᠢᠶ᠎ᠡ ᠦᠵᠡᠭᠦᠯᠬᠦ ᠰᠢᠶᠠᠨ᠂ 100 ᠵᠢᠱᠢᠶ᠎ᠡ ᠦᠵᠡᠭᠦᠯᠬᠦ ᠪᠠᠯᠭᠠᠰᠤ ︵ᠰᠢᠶᠠᠩ︶᠂ 1000 ᠲᠣᠰᠬᠤᠨ ︵ᠭᠠᠴᠠᠭ᠎ᠠ︶ ᠢ ᠡᠭᠦᠳᠦᠨ ᠪᠠᠶᠢᠭᠤᠯᠬᠤ ᠶᠢ ᠵᠢᠭᠠᠵᠤ ᠪᠣᠶ᠃    13.ᠨᠢᠭᠡ ᠬᠦᠷᠢᠶᠡᠨ ᠳᠤ ᠬᠤᠶᠠᠷ ᠵᠦᠢᠯ ᠢ ᠬᠡᠷᠡᠭᠯᠡᠬᠦ᠂ ᠨᠢᠭᠡ ᠣᠷᠣᠨ ᠰᠠᠭᠤᠴᠠ ᠳᠤ ᠬᠤᠶᠠᠷ ᠵᠦᠢᠯ ᠢ ᠬᠡᠷᠡᠭᠯᠡᠬᠦ ᠰᠢᠨ᠎ᠡ ᠵᠠᠭᠪᠤᠷ᠄ ᠨᠢᠭᠡ ᠣᠷᠣᠨ ᠰᠠᠭᠤᠴᠠ ᠶᠢᠨ ᠭᠠᠵᠠᠷ ︵ᠬᠦᠷᠢᠶ᠎ᠡ︶ ᠤᠨ ᠳᠣᠲᠣᠷ᠎ᠠ᠂ ᠲᠠᠷᠢᠶᠠᠴᠢᠨ ᠡᠷᠦᠭᠡ ᠦᠨᠳᠦᠰᠦᠨ ᠣᠷᠣᠨ ᠰᠠᠭᠤᠴᠠ ᠪᠠᠨ ᠪᠠᠲᠤᠯᠠᠬᠤ ᠮᠥᠷᠲᠡᠭᠡᠨ ᠪᠠᠰᠠ ᠬᠡᠰᠡᠭ ᠣᠷᠣᠨ ᠰᠠᠭᠤᠴᠠ ᠶᠢᠨ ᠭᠠᠵᠠᠷ ︵ᠬᠦᠷᠢᠶ᠎ᠡ︶ ᠤᠨ ᠬᠡᠷᠡᠭᠯᠡᠬᠦ ᠡᠷᠬᠡ ᠪᠠᠨ ᠲᠦᠷᠢᠶᠡᠰᠦᠯᠡᠭᠦᠯᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠵᠡᠩᠨᠡᠯᠲᠡ ᠳᠤ ᠬᠡᠷᠡᠭᠯᠡᠬᠦ ᠶᠢ ᠵᠢᠭᠠᠵᠤ ᠪᠠᠶᠢᠨ᠎ᠠ᠃     14. ︽ᠨᠢᠭᠡ ᠡᠷᠦᠭᠡ︾ ᠶᠢ ︽ᠲᠠᠪᠤᠨ ᠬᠦᠷᠢᠶᠡᠯᠡᠩ︾ ᠪᠣᠯᠭᠠᠬᠤ᠄ ᠲᠠᠷᠢᠶᠠᠴᠢᠨ ᠡᠷᠦᠭᠡ ᠶᠢᠨ ᠬᠦᠷᠢᠶ᠎ᠡ ᠶᠢ ᠨᠣᠭᠤᠭ᠎ᠠ ᠶᠢᠨ ᠬᠦᠷᠢᠶᠡᠯᠡᠩ᠂ ᠵᠢᠮᠢᠰ ᠤᠨ ᠬᠦᠷᠢᠶᠡᠯᠡᠩ᠂ ᠴᠡᠴᠡᠷᠯᠢᠭ᠂ ᠵᠤᠭᠠᠴᠠᠯ ᠤᠨ ᠬᠦᠷᠢᠶᠡᠯᠡᠩ᠂ ᠤᠶᠤᠨ ᠰᠠᠨᠠᠭᠠᠨ ᠤ ᠭᠡᠷ ᠣᠷᠣᠨ ᠪᠣᠯᠭᠠᠬᠤ ᠶᠢ ᠵᠢᠭᠠᠵᠤ ᠪᠠᠶᠢᠨ᠎ᠠ᠃    15. ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ᠄ ᠡᠨᠡ ᠨᠢ ᠭᠠᠴᠠᠭᠠᠨ ᠤ ᠨᠠᠮ ᠤᠨ ᠡᠭᠦᠷ ᠠᠴᠠ ᠳᠠᠭᠠᠭᠤᠯᠤᠨ ᠭᠦᠢᠴᠡᠳᠬᠡᠬᠦ ᠶᠢ ᠵᠢᠭᠠᠵᠤ ᠪᠠᠶᠢᠨ᠎ᠠ᠃ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠬᠤ ᠶᠢᠨ ᠬᠠᠮᠲᠤ ᠲᠠᠷᠢᠶᠠᠴᠢᠨ ᠡᠷᠦᠬᠡ ᠲᠠᠢ ᠬᠡᠯᠡᠯᠴᠡᠭᠡᠷ ᠲᠣᠭᠲᠠᠵᠤ᠂ ᠭᠠᠵᠠᠷ ᠰᠢᠷᠣᠢ ᠶᠢ ᠬᠠᠮᠲᠤ ᠶᠢᠨ ᠡᠵᠡᠩᠨᠡᠯᠲᠡ ᠳᠤ ᠬᠠᠷᠢᠶᠠᠯᠠᠭᠤᠯᠵᠤ᠂ ᠨᠢᠭᠡᠳᠦᠯᠲᠡᠢ ᠲᠠᠷᠢᠶᠠᠯᠠᠵᠤ᠂ ᠨᠢᠭᠡᠳᠦᠯᠲᠡᠢ ᠬᠠᠮᠢᠶᠠᠷᠴᠤ᠂ ᠨᠢᠭᠡᠳᠦᠯᠲᠡᠢ ᠬᠤᠷᠢᠶᠠᠵᠤ᠂ ᠨᠢᠭᠡᠳᠦᠯᠲᠡᠢ ᠪᠣᠷᠣᠯᠠᠭᠤᠯᠵᠤ᠂ ᠪᠦᠬᠦ ᠭᠠᠴᠠᠭᠠᠨ ᠤ ᠠᠷᠠᠳ ᠭᠠᠵᠠᠷ ᠰᠢᠷᠣᠢ ᠪᠠᠷ ᠬᠤᠪᠢ ᠣᠷᠣᠬᠤ ᠬᠡᠯᠪᠡᠷᠢ ᠪᠠᠷ ᠬᠤᠷᠰᠢᠶᠠᠨ ᠤ ᠪᠦᠷᠢᠯᠳᠦᠭᠦᠨ ᠪᠣᠯᠵᠤ᠂ ᠡᠵᠡᠩᠨᠡᠯᠲᠡ ᠶᠢᠨ ᠬᠡᠯᠪᠡᠷᠢ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠡᠵᠡᠮᠰᠢᠵᠦ᠂ ᠭᠠᠵᠠᠷ ᠰᠢᠷᠣᠢ ᠶᠢᠨ ᠡᠵᠡᠩᠨᠡᠯᠲᠡ ᠠᠴᠠ ᠣᠯᠣᠭᠰᠠᠨ ᠠᠰᠢᠭ ᠣᠷᠣᠯᠭ᠎ᠠ ᠶᠢᠨ ᠶᠡᠬᠡᠩᠬᠢ ᠬᠡᠰᠡᠭ ᠢ ᠪᠦᠬᠦ ᠭᠠᠴᠠᠭᠠᠨ ᠤ ᠠᠷᠠᠳ ᠬᠠᠷᠢᠴᠠᠯ ᠢᠶᠠᠷ ᠠᠰᠢᠭ ᠬᠤᠪᠢᠶᠠᠨ᠎ᠠ᠃ ᠡᠭᠦᠨ ᠤ ᠬᠠᠮᠲᠤ᠂ ᠬᠤᠷᠰᠢᠶ᠎ᠠ ᠶᠢᠨ ᠦᠯᠡᠳᠡᠭᠡᠨ ᠠᠪᠤᠭᠰᠠᠨ ᠬᠡᠰᠡᠭ ᠠᠰᠢᠭ ᠣᠯᠵᠠᠪᠤᠷᠢ ᠶᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠳᠤ ᠬᠡᠷᠡᠭᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠴᠢᠨᠠᠭᠰᠢᠳᠠ ᠠᠬᠢᠭᠤᠯᠵᠤ᠂ ᠨᠡᠩ ᠤᠯᠠᠨ ᠲᠠᠷᠢᠶᠠᠴᠢᠳ ᠲᠤ ᠠᠰᠢᠭ ᠬᠦᠷᠲᠡᠭᠡᠨ᠎ᠡ᠃ 16.ᠨᠢᠭᠡ ᠭᠡᠷ᠎ᠡ ᠲᠦᠷᠪᠡᠨ ᠬᠤᠷᠠᠯ᠄ ᠭᠠᠴᠠᠭ᠎ᠠ ᠲᠤᠰᠬᠤᠨ ᠤ ᠳᠦᠷᠢᠮ ᠠᠷᠠᠳ ᠤᠨ ᠭᠡᠷ᠎ᠡ ᠪᠠ ᠬᠤᠷᠢᠮ ᠤᠷᠤᠰᠢᠭᠤᠯᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ᠂ ᠶᠣᠰᠣ ᠰᠤᠷᠳᠠᠬᠤᠨ ᠤ ᠦᠨᠡᠯᠡᠯᠲᠡ ᠶᠢᠨ ᠬᠤᠷᠠᠯ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯᠭᠡ ᠶᠢᠨ ᠬᠤᠷᠠᠯ ᠪᠠ ᠬᠤᠣᠷᠲᠤ ᠡᠳ᠋ ᠢ ᠴᠠᠭᠠᠵᠠᠯᠠᠵᠤ ᠵᠣᠭᠤᠰ ᠨᠠᠭᠠᠳᠬᠤ ᠶᠢ ᠴᠠᠭᠠᠵᠠᠯᠠᠬᠤ ᠬᠤᠷᠠᠯ ᠤᠨ ᠲᠣᠪᠴᠢ ᠨᠡᠷᠡᠶᠢᠳᠦᠯ ᠢ ᠵᠢᠭᠠᠵᠤ ᠪᠠᠶᠢᠨ᠎ᠠ᠂ ᠲᠡᠷᠡ ᠪᠣᠯ ᠬᠠᠭᠤᠴᠢᠨ ᠶᠣᠰᠣ ᠪᠦᠳᠦᠭᠦᠯᠢᠭ ᠵᠠᠩᠰᠢᠯ ᠢ ᠥᠭᠡᠷᠡᠴᠢᠯᠡᠬᠦ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠭᠠᠴᠠᠭᠠᠨ ᠤ ᠠᠷᠠᠳ ᠤᠨ ᠥᠪᠡᠷᠲᠡᠭᠡᠨ ᠵᠠᠰᠠᠬᠤ ᠳᠦᠷᠢᠮ ᠮᠥᠨ᠃     17. ᠬᠤᠳᠠᠯᠳᠤᠭᠠᠨ ᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢᠨ ︽ᠲᠠᠪᠤᠨ ᠵᠠᠭᠤᠨ ᠤ ᠵᠠᠭᠤ︾ ᠶᠢ ᠪᠡᠶᠡᠯᠡᠭᠦᠯᠦᠨ᠎ᠡ᠄ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 100%᠂ ᠰᠢᠶᠠᠨ ᠤ ᠲᠡᠰ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 100%᠂ ᠰᠢᠶᠠᠩ ᠪᠠᠯᠭᠠᠰᠤ ᠶᠢᠨ ᠠᠷᠠᠯᠵᠢᠶ᠎ᠠ ᠬᠤᠳᠠᠯᠳᠤᠭᠠᠨ ᠤ ᠲᠥᠪ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 100%᠂ ᠲᠣᠰᠬᠤᠨ ᠤ ᠲᠡᠰ ᠤᠨ ᠲᠥᠬᠦᠮ ᠳᠡᠯᠭᠡᠭᠦᠷ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 100%᠂  ︽ᠲᠦᠷᠭᠡᠨ ᠬᠦᠷᠭᠡᠯᠳᠡ ᠶᠢ ᠲᠤᠰᠬᠤᠨ ᠳᠤ ᠤᠷᠤᠭᠤᠯᠬᠤ︾ ᠤᠶᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ100% ᠳᠤ ᠬᠦᠷᠭᠡᠨ᠎ᠡ᠃    18. ᠬᠢᠩᠭᠠᠨ ᠤ ᠰᠢᠨ᠎ᠡ ᠶᠢ ᠡᠬᠦᠳᠬᠦ ᠶᠢ ᠬᠦᠳᠤᠯᠤᠨ ᠳᠠᠭᠠᠭᠤᠯᠬᠤ ᠲᠦᠪ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠄  ᠰᠢᠨ᠎ᠡ ᠶᠢ ᠡᠭᠦᠳᠬᠦ ᠶᠢ  ᠬᠦᠳᠤᠯᠤᠨ ᠳᠠᠭᠠᠭᠤᠯᠬᠤ ᠰᠡᠳᠬᠢᠯ ᠤᠨ ᠰᠣᠩᠭᠤᠯᠲᠠ᠂ ᠰᠢᠨ᠎ᠡ ᠶᠢ ᠡᠭᠦᠳᠬᠦ ᠶᠢ  ᠬᠦᠳᠤᠯᠤᠨ ᠳᠠᠭᠠᠭᠤᠯᠬᠤ ᠰᠤᠳᠤᠯᠭᠠᠨ ᠤ ᠤᠬᠠᠭᠠᠨ᠂ ᠳᠠᠪᠠᠭᠠᠨ ᠳᠡᠭᠡᠷᠡᠬᠢ ᠴᠠᠭ ᠤᠯᠠᠷᠢᠯ᠂ ᠰᠢᠨ᠎ᠡ ᠶᠢ ᠡᠬᠦᠳᠬᠦ ᠶᠢ ᠬᠦᠳᠤᠯᠤᠨ ᠳᠠᠭᠠᠭᠤᠯᠬᠤ ᠰᠢᠭᠤᠳ ᠨᠡᠪᠲᠡᠷᠡᠭᠦᠯᠭᠡ᠂ ᠬᠢᠩᠭᠠᠨ ᠵᠦᠴᠦᠭᠡ ᠶᠢᠨ ᠲᠠᠯᠠᠪᠤᠷ᠂ ᠰᠢᠨ᠎ᠡ ᠶᠢ ᠡᠬᠦᠳᠬᠦ ᠶᠢ ᠬᠦᠳᠤᠯᠤᠨ ᠳᠠᠭᠠᠭᠤᠯᠬᠤ  ᠬᠤᠲᠠ ᠶᠢᠨ ᠴᠤᠭᠯᠠᠭᠠᠨ᠂ ᠳᠠᠪᠠᠭᠠᠨ ᠳᠡᠭᠡᠷᠡᠬᠢ ᠰᠤᠳᠤᠯᠭᠠᠨ ᠤ ᠤᠬᠠᠭᠠᠨ ᠵᠡᠷᠭᠡ ᠨᠠᠢᠮᠠᠨ ᠶᠡᠭᠡ ᠬᠤᠪᠢᠶᠠᠷᠢ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠪᠠᠶᠢᠭᠤᠯᠬᠤ ᠶᠢ ᠵᠢᠭᠠᠵᠤ ᠪᠣᠶ᠃     19. ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ᠄ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ  ᠢ ᠰᠠᠯᠤᠯ ᠦᠭᠡᠢ ᠲᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠤᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠲᠠᠯ᠎ᠠ ᠪᠠᠷ ᠵᠢᠱᠢᠶᠡᠴᠢ ᠪᠣᠯᠵᠤ᠂ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠢᠱᠢᠶᠡᠴᠢ ᠪᠣᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠤᠨ ᠲᠤᠭᠳᠠᠪᠤᠷᠢᠵᠢᠭᠤᠯᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ ᠳᠤ ᠵᠢᠱᠢᠶᠡᠴᠢ ᠪᠣᠯᠵᠤ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ ᠲᠠᠯ᠎ᠠ ᠪᠠᠷ ᠵᠢᠱᠢᠶᠡᠴᠢ ᠪᠣᠯᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃ 20. ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ  ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ  ᠠᠯᠳᠠᠭ᠎ᠠ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠤᠯᠤᠭᠰᠠᠨ ᠶᠤᠮ᠃    21.ᠬᠤᠶᠠᠷ ᠣᠷᠣᠨ ᠨᠢᠭᠡ ᠴᠣᠩᠬᠤᠪᠴᠢ᠄ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠳᠠᠭᠤᠷᠢᠶᠠᠯ ᠤᠨ ᠣᠷᠣᠨ ᠢ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠢᠱᠢᠶ᠎ᠡ ᠦᠵᠡᠬᠦᠯᠬᠦ ᠣᠷᠣᠨ ᠢ  ᠴᠤᠭᠴᠠᠯᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠳᠠᠪᠠᠭᠤᠯᠢᠭ ᠢ ᠳᠡᠯᠡᠬᠡᠢ ᠳ᠋ᠠᠬᠢᠨ ᠳᠤ ᠳᠡᠯᠭᠡᠨ ᠦᠵᠡᠭᠦᠯᠬᠦ ᠴᠢᠬᠤᠯᠠ ᠴᠣᠩᠬᠤᠪᠴᠢ ᠶᠢ ᠵᠢᠭᠠᠵᠤ ᠪᠠᠶᠢᠨ᠎ᠠ᠃    22.ᠭᠤᠷᠪᠠᠨ ᠠᠴᠢ ᠬᠤᠯᠪᠣᠭᠳᠠᠯ᠄ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠴᠢ ᠬᠤᠯᠪᠣᠭᠳᠠᠯ ᠢ ᠢᠯᠡᠷᠡᠭᠦᠯᠬᠦ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠠᠴᠢ ᠬᠤᠯᠪᠣᠭᠳᠠᠯ ᠢ ᠣᠯᠭᠤᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠨ ᠤ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠢ ᠵᠢᠭᠠᠵᠤ ᠪᠠᠶᠢᠨ᠎ᠠ᠃     23. ᠬᠤᠪᠢᠰᠬᠠᠯᠳᠤ ᠬᠥᠮᠦᠵᠢᠯ ᠤᠨ ︽ᠠᠷᠪᠠᠨ ᠨᠢᠭᠡᠨ︾  ᠰᠢᠷᠢᠰ ᠠᠵᠢᠯᠯᠠᠭ᠎ᠠ᠄ ᠬᠤᠪᠢᠰᠬᠠᠯᠳᠤ ᠵᠢᠭᠤᠯᠴᠢᠯᠠᠯ ᠤᠨ ᠰᠣᠳᠣᠨ ᠱᠤᠭᠤᠮ ᠢᠶᠠᠷ ᠵᠠᠮᠨᠠᠬᠤ ᠶᠢ ᠵᠢᠭᠠᠵᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠳᠤ ︽ᠨᠢᠭᠡ ᠬᠡᠰᠡᠭ ᠭᠡᠷᠡᠯ ᠰᠠᠴᠤᠷᠠᠩᠭᠤᠢ ᠣᠨ ᠰᠠᠷ᠎ᠠ ᠶᠢ ᠥᠩᠭᠡᠷᠡᠭᠦᠯᠪᠡ︾᠂ ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠭᠠᠵᠠᠷ ᠲᠤ ︽ᠲᠠᠪᠤᠨ ᠰᠠᠷ᠎ᠠ ᠶᠢᠨ ᠨᠢᠭᠡᠨ ᠤ ᠶᠡᠭᠡ ᠬᠤᠷᠠᠯ ᠢ ᠨᠢᠭᠡ ᠤᠳᠠᠭ᠎ᠠ ᠣᠶᠢᠯᠠᠭᠠᠪᠠ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠠᠵᠢᠯ ᠤᠨ ᠵᠦᠪᠯᠡᠯ ᠤᠨ ᠠᠯᠪᠠᠯᠠᠵᠤ ᠪᠠᠶᠢᠭᠰᠠᠨ ᠬᠠᠭᠤᠴᠢᠨ ᠪᠠᠭᠤᠷᠢ ᠳᠤ ︽ᠲᠦᠪ ᠤᠨ ᠳᠠᠭᠤᠨ ᠬᠤᠭᠤᠯᠠᠢ  ᠶᠢ ᠨᠢᠭᠡ ᠤᠳᠠᠭ᠎ᠠ ᠰᠣᠨᠣᠰᠴᠤ︾᠂ ᠬᠢᠩᠭᠠᠨ ᠤ ᠰᠢᠨ᠎ᠡ ᠶᠢ ᠡᠭᠦᠳᠬᠦ ᠶᠢ ᠬᠦᠳᠤᠯᠤᠨ ᠲᠠᠭᠠᠭᠤᠯᠬᠤ ᠲᠦᠪ ᠲᠤ ︽ᠨᠢᠭᠡ ᠤᠳᠠᠭ᠎ᠠ ᠶᠢᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠡᠶᠡᠴᠢᠯᠡᠨ ᠣᠶᠢᠯᠠᠭᠠᠶ᠎ᠠ︾᠂ ᠨᠢᠭᠡ ᠤᠳᠠᠭ᠎ᠠ ᠶᠢᠨ ᠬᠤᠪᠢᠰᠬᠠᠯ ᠤᠨ ᠦᠵᠡᠭᠳᠡᠯᠲᠦ ᠵᠦᠴᠦᠭᠡ ᠶᠢ ᠰᠣᠨᠢᠷᠬᠠᠵᠤ᠂ ᠨᠢᠭᠡ ᠤᠳᠠᠭ᠎ᠠ ᠶᠢᠨ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠭᠡᠬᠦ ᠲᠤᠰᠬᠠᠢ ᠰᠡᠳᠦᠪᠲᠦ ᠬᠢᠴᠢᠶᠡᠯ ᠢ ᠰᠣᠨᠣᠰᠴᠤ᠂ ︽ᠬᠥᠳᠡᠭᠡ ᠲᠠᠯ᠎ᠠ ᠳᠤ ᠮᠥᠩᠬᠡ ᠶᠢᠨ ᠨᠠᠷᠡ ᠮᠠᠨᠳᠤᠯ᠎ᠠ︾ ᠭᠡᠬᠦ ᠳᠠᠭᠤᠤ ᠶᠢ ᠰᠤᠷᠴᠤ᠂ ︽ᠮᠠᠭᠲᠠᠭᠠᠯ ᠳᠠᠭᠤᠤ︾ ᠶᠢᠨ ᠠᠷᠤ ᠳᠠᠬᠢ ᠦᠯᠢᠭᠡᠷ ᠢ ᠰᠣᠨᠣᠰᠴᠤ᠂ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠲᠣᠮᠣ ᠴᠤᠭᠯᠠᠭᠠᠨ ᠢ ᠰᠣᠨᠢᠷᠬᠠᠵᠤ᠂ ︽ᠹᠧᠩ ᠢᠤᠢ ᠲᠦᠩ ᠵᠸᠤ︾  ᠪᠦᠯᠬᠦᠮᠳᠡᠯ ᠤᠨ ᠤᠢ ᠶᠢ ᠨᠢᠭᠡ ᠭᠡᠰᠡᠭ ᠳᠠᠷᠢᠬᠤ ᠶᠢ ᠵᠢᠭᠠᠵᠤ ᠪᠠᠶᠢᠨ᠎ᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号