ᠬᠢᠩᠭᠠᠨ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠬᠢᠵᠠᠢ
ᠨᠡᠶᠢᠲᠡᠯᠡᠭᠰᠡᠨ ᠴᠠᠭ᠄
2024/3/8
     2 ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠬᠢᠵᠠᠢ᠃ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠶᠣᠰᠣᠯᠠᠯ ᠢ ᠡᠷᠭᠢᠯᠡᠭᠰᠡᠨ ᠪᠥᠭᠡᠳ ᠲᠠᠩᠭᠠᠷᠢᠭᠯᠠᠯ ᠢ ᠬᠢᠨᠠᠵᠠᠶ᠃     ᠰᠢᠤᠢ ᠵᠦᠸᠧ ᠱᠠᠭᠠᠷᠳᠠᠭᠰᠠᠨ ᠨᠢ᠂ ᠰᠢᠨ᠎ᠡ ᠪᠠᠷ ᠲᠤᠰᠢᠶᠠᠯ ᠳᠤ ᠲᠤᠮᠢᠯᠠᠭᠳᠠᠭᠰᠠᠳ ᠲᠠᠩᠭᠠᠷᠢᠭ ᠢᠶᠠᠨ ᠪᠠᠲᠤ ᠴᠡᠭᠡᠵᠢᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠬᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠭᠡᠵᠦ᠂ ᠤᠯᠤᠰ ᠲᠥᠷᠥ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ᠂ ᠢᠯᠠᠩᠭᠤᠶ᠎ᠠ ᠶᠡᠷᠦᠩᠭᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠦᠬᠠᠮᠰᠠᠷ ᠢᠶᠠᠨ ᠴᠢᠩᠭᠠᠷᠠᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ ᠭᠤᠤᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠦ ᠂ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ ᠳᠤ ᠠᠩᠬᠠᠷᠤᠯ ᠢᠶᠠᠨ ᠲᠦᠪᠯᠡᠷᠡᠬᠦᠯᠵᠦ᠂ ︽ᠵᠢᠷᠭᠤᠭᠠᠨ ᠢᠨᠵᠧᠨᠧᠷᠢᠩ︾ ᠪᠤᠯᠤᠨ ︽ᠭᠤᠷᠪᠠ ᠶᠢ ᠲᠤᠭᠳᠠᠪᠤᠷᠢᠵᠢᠭᠤᠯᠵᠦ ᠲᠠᠪᠤ ᠶᠢ ᠠᠬᠢᠭᠤᠯᠬᠤ︾ ᠶᠢᠨ ᠬᠠᠷᠠᠯᠳᠠ ᠡᠬᠦᠷᠭᠡ ᠶᠢ ᠨᠠᠶᠢᠳᠠᠪᠤᠷᠢᠵᠢᠭᠤᠯᠤᠨ᠂ ᠰᠢᠨ᠎ᠡ ᠵᠠᠮ ᠨᠡᠭᠡᠭᠡᠵᠦ᠂ ᠲᠤᠮᠳᠠ ᠲᠦᠪᠰᠢᠨ ᠳᠤ ᠤᠷᠤᠬᠤ ᠵᠢᠴᠢ ᠲᠤᠮᠳᠠᠳᠦ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠦᠪᠦᠷ ᠮᠤᠩᠭᠤᠯ ᠤᠨ ᠰᠢᠨ᠎ᠡ ᠬᠠᠭᠤᠳᠠᠰᠦ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠬᠦᠬᠦ ᠬᠡᠷᠡᠭᠳᠡᠢ ᠭᠡᠪᠡ᠃     ︵ᠲᠧᠩ ᠮᠢᠶᠤᠤ ᠰᠢᠨ   ᠭᠤᠤᠯᠴᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号