ᠱᠦᠨ ᠶᠤᠸᠠᠨ ᠲᠠᠷᠢᠶᠠᠯᠠᠩ ᠤᠨ ᠮᠠᠰᠢᠨ ᠤ ᠤᠶᠢᠯᠡᠳᠪᠤᠷᠢ ᠶᠢᠨ ᠪᠦᠳᠤᠭᠡᠭᠳᠡᠬᠦᠨ ᠤᠷᠤᠰ ᠲᠤ ᠪᠤᠷᠤᠯᠠᠭᠤᠯᠤᠭᠳᠠᠪᠠ
ᠨᠡᠶᠢᠲᠡᠯᠡᠭᠰᠡᠨ ᠴᠠᠭ᠄
2024/3/8
  3 ᠰᠠᠷ᠎ᠠ ᠶᠢᠨ 4 ᠤ ᠡᠳᠦᠷ᠂ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ︽ᠱᠦᠨ ᠶᠤᠸᠠᠨ ᠲᠠᠷᠢᠶᠠᠯᠠᠩ ᠤᠨ ᠮᠠᠰᠢᠨ᠂ ᠳᠠᠷᠪᠠᠭᠤᠯ ᠬᠡᠶᠢᠰᠬᠡᠨ ᠲᠡᠯᠡᠶ ᠳᠤ ᠭᠠᠷᠴᠤ᠂ ᠣᠷᠣᠰ ᠲᠠᠬᠢ ᠠᠶᠠᠯᠠᠯ ᠢᠶᠠᠨ ᠡᠬᠢᠯᠡᠬᠦᠯᠬᠦ︾ ᠬᠠᠭᠠᠯᠪᠤᠷᠢᠯᠠᠬᠤ ᠦᠭᠡᠢ ᠪᠠᠷ ᠦᠷ᠎ᠡ ᠰᠠᠴᠤᠬᠤ ᠮᠠᠰᠢᠨ ᠲᠡᠷᠭᠡ ᠶᠢ ᠤᠷᠤᠰ ᠲᠤ ᠭᠠᠷᠭᠠᠬᠤ ᠶᠣᠰᠣᠯᠠᠯ ᠶᠠᠪᠤᠭᠤᠯᠪᠠ᠂ ᠡᠨᠡ ᠨᠢ ᠱᠦᠨ ᠶᠤᠸᠠᠨ ᠲᠠᠷᠢᠶᠠᠯᠠᠩ ᠤᠨ ᠮᠠᠰᠢᠨ ᠤ ᠺᠤᠮᠫᠠᠨᠢ ᠶᠢᠨ ᠤᠶᠢᠯᠡᠳᠪᠤᠷᠢᠯᠡᠭᠰᠡᠨ ᠮᠠᠰᠢᠨ ᠨᠢ ᠭᠠᠳᠠᠭᠠᠳᠤ ᠳᠤ ᠭᠠᠷᠴᠤ ᠣᠷᠣᠰ ᠲᠤ ᠪᠣᠷᠣᠯᠠᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃
      ᠶᠣᠰᠣᠯᠠᠯ ᠳᠡᠭᠡᠷ᠎ᠡ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠪᠣᠯᠣᠨ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ᠪᠠᠶᠠᠷ ᠤᠨ ᠦᠭᠡ ᠬᠡᠯᠡᠵᠡᠢ᠃ ᠲᠤᠰ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠭᠠᠷ ᠤᠨ ᠦᠰᠦᠭ ᠵᠢᠷᠤᠬᠤ ᠰᠠᠮᠪᠠᠷ᠎ᠠ ᠳᠡᠭᠡᠷ᠎ᠡ ᠭᠠᠷ ᠤᠨ ᠦᠰᠦᠭ ᠵᠢᠷᠤᠵᠤ ᠳᠤᠷᠠᠰᠬᠠᠯ ᠦᠯᠡᠳᠡᠭᠡᠬᠦ ᠶᠢᠨ ᠬᠠᠮᠲᠤ ᠬᠠᠮᠲᠤᠪᠠᠷ ᠲᠤᠰ ᠤᠳᠠᠭ᠎ᠠ ᠶᠢᠨ ᠲᠡᠷᠭᠡ ᠬᠥᠳᠡᠯᠬᠦ ᠶᠣᠰᠣᠯᠠᠯ ᠤᠨ ᠬᠥᠰᠢᠭᠡ ᠶᠢ ᠰᠡᠬᠦᠵᠦ ᠲᠤᠤᠰᠠ ᠬᠠᠶᠢᠴᠢᠯᠠᠪᠠ᠃ ᠳᠠᠷᠠᠭ᠎ᠠ ᠨᠢ ᠮᠣᠷᠳᠠᠬᠤ ᠪᠠᠷ ᠪᠡᠯᠡᠳᠬᠡᠵᠦ ᠪᠠᠶᠢᠭᠰᠠᠨ ᠦᠷ᠎ᠡ ᠰᠠᠴᠤᠬᠤ ᠮᠠᠰᠢᠨ ᠢ ᠲᠣᠮᠣ ᠬᠡᠯᠪᠡᠷᠢ ᠶᠢᠨ ᠪᠠᠷᠠᠭᠠᠨ ᠤ ᠲᠡᠷᠭᠡᠨ ᠳᠤ ᠲᠡᠭᠡᠭᠡᠵᠤ ᠤᠷᠤᠰ ᠲᠤ ᠶᠠᠪᠤᠭᠤᠯᠬᠤ ᠪᠠᠷ ᠪᠡᠯᠡᠳᠬᠡᠪᠡ᠃
      ︽ᠤᠳᠠᠯ ᠦᠭᠡᠢ ᠣᠷᠣᠰ ᠤᠨ ᠲᠠᠷᠢᠶᠠᠨ ᠭᠠᠵᠠᠷ ᠲᠤ ᠮᠠᠨ ᠤ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠦᠷ᠎ᠡ ᠰᠠᠴᠤᠬᠤ ᠮᠠᠰᠢᠨ ᠤ ᠪᠠᠷ᠎ᠠ ᠬᠠᠷᠠᠭᠳᠠᠬᠤ ᠪᠣᠯᠣᠨ᠎ᠠ᠂ ᠡᠳᠡᠭᠡᠷ ᠲᠡᠭᠡᠳᠤ ᠳᠡᠰ ᠤᠨ ᠲᠠᠷᠢᠶᠠᠯᠠᠩ ᠤᠨ ᠮᠠᠰᠢᠨ ᠤ ᠦᠢᠯᠡᠳᠬᠦᠨ ᠨᠢ ᠲᠤᠬᠠᠢ ᠶᠢᠨ ᠭᠠᠵᠠᠷ ᠤᠨ ᠲᠠᠷᠢᠶᠠᠯᠠᠩ ᠤᠨ ᠤᠶᠢᠯᠡᠰ ᠲᠤ ᠬᠥᠳᠡᠯᠭᠡᠬᠦ ᠬᠦᠴᠤᠨ ᠨᠡᠮᠡᠷᠢᠯᠡᠬᠦ ᠪᠣᠯᠣᠨ᠎ᠠ︾ ᠭᠡᠵᠦ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠱᠧᠦ ᠶᠤᠸᠠᠨ ᠰᠤᠷᠪᠤᠯᠵᠢᠯᠠᠭᠴᠢ  ᠳᠤ ᠬᠡᠯᠡᠪᠡ᠃
      ᠣᠶᠢᠯᠠᠭᠠᠭᠰᠠᠨ ᠢᠶᠠᠷ᠂ ᠲᠣᠰ ᠤᠳᠠᠭ᠎ᠠ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠣᠷᠣᠰ ᠤᠨ ᠠᠵᠤ ᠠᠬᠤᠶᠢᠯᠠᠯ ᠲᠠᠢ ᠲᠠᠷᠢᠶᠠᠯᠠᠩ ᠳᠤ ᠬᠡᠷᠡᠭᠯᠡᠬᠦ ᠮᠠᠰᠢᠨ ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ ᠵᠠᠬᠢᠶᠠᠯᠠᠭ᠎ᠠ ᠶᠢᠨ ᠬᠠᠭᠤᠳᠠᠰᠤ ᠶᠢ  ᠠᠮᠵᠢᠯᠳᠠ ᠲᠠᠢ ᠲᠤᠰᠴᠠᠢ᠃ ᠡᠭᠦᠨ ᠳᠤ 4 ᠰᠠᠭᠤᠷᠢ 2BMQ ᠬᠠᠭᠠᠯᠪᠤᠷᠢᠯᠠᠬᠤ ᠦᠭᠡᠢ ᠪᠠᠷ ᠬᠡᠢ ᠰᠣᠷᠣᠬᠤ ᠮᠠᠶ᠋ᠢᠭ ᠤᠨ ᠨᠠᠷᠢᠯᠢᠭ ᠬᠡᠮᠵᠢᠶᠡᠨ ᠤ ᠦᠷ᠎ᠡ ᠰᠠᠴᠤᠬᠤ ᠮᠠᠰᠢᠨ ᠪᠠᠭᠲᠠᠨ᠎ᠠ᠂ ᠡᠨᠡ ᠪᠣᠯ ᠤᠯᠠᠭᠠᠨᠬᠤᠲᠠ ᠶᠢᠨ ᠲᠣᠰ ᠭᠠᠵᠠᠷ ᠣᠷᠣᠨ ᠤ ᠲᠠᠷᠢᠶᠠᠯᠠᠩ ᠳᠤ ᠬᠡᠷᠡᠭᠯᠡᠬᠦ ᠮᠠᠰᠢᠨ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠠᠩᠬ᠎ᠠ ᠤᠳᠠᠭ᠎ᠠ ᠤᠶᠢᠯᠡᠳᠬᠦᠨ  ᠢᠶᠠᠨ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠵᠦ ᠪᠠᠶᠢᠭ᠎ᠠ ᠶᠠᠪᠤᠳᠠᠯ ᠪᠣᠯᠣᠨ᠎ᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号