ᠬᠢᠩᠭᠠᠨ ᠠᠶᠢᠮᠠᠭ ᠤᠨ ᠵᠢᠵᠢᠭᠯᠡᠨ ᠬᠤᠳᠠᠯᠳᠤᠬᠤ ᠵᠢᠴᠢ ᠲᠦᠷᠢᠶᠡᠰᠦᠨ ᠮᠠᠰᠢᠨ ᠤ ᠠᠵᠢᠯ ᠲᠥᠷᠥᠯ ᠤᠨ ︽ᠰᠤᠯᠠ ᠵᠤᠭᠤᠰ︾ ᠲᠠᠷᠬᠠᠭᠠᠬᠤ ᠡᠬᠢᠯᠡᠯᠲᠡ ᠶᠢᠨ ᠶᠣᠰᠣᠯᠠᠯ ᠤᠯᠠᠭᠠᠨᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/12
   ᠨᠠᠰᠤᠲᠠᠶᠢᠴᠤᠳ ᠪᠤᠯᠤᠨ ᠳᠤᠮᠳᠠᠳᠤ ᠤᠯᠤᠰ ᠲᠤ ᠢᠷᠡᠭᠰᠡᠨ ᠭᠠᠳᠠᠭᠠᠳᠤ ᠶᠢᠨ ᠬᠥᠮᠥᠰ ᠵᠡᠷᠭᠡ ᠪᠦᠯᠬᠦᠮ ᠨᠡᠶᠢᠳᠡ ᠶᠢᠨ ᠣᠯᠠᠨ ᠶᠠᠩᠵᠤ ᠶᠢᠨ ᠲᠣᠭᠠᠴᠠᠭ᠎ᠠ ᠬᠢᠬᠦ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠶᠢᠨ ᠲᠦᠯᠦᠭᠡ᠂ 4 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠩᠭᠠᠨ ᠠᠶᠢᠮᠠᠭ  ᠲᠠᠬᠢ ᠬᠤᠪᠢᠶᠠᠷᠢ ᠪᠠᠩᠬᠢ ᠠᠴᠠ ᠲᠠᠭᠠᠭᠠᠴᠢᠯᠡᠨ ᠡᠷᠭᠢᠯᠡᠭᠰᠡᠨ ︽ᠪᠡᠯᠡᠨ ᠵᠣᠭᠤᠰ ᠢᠶᠠᠷ ᠲᠣᠭᠠᠴᠠᠭ᠎ᠠ ᠬᠢᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠪᠡᠯᠡᠨ ᠵᠣᠭᠤᠰ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ︾ ᠬᠢᠩᠭᠠᠨ ᠠᠶᠢᠮᠠᠭ ᠤᠨ ᠵᠢᠵᠢᠭᠯᠡᠨ ᠬᠤᠳᠠᠯᠳᠤᠬᠤ ᠵᠢᠴᠢ ᠲᠦᠷᠢᠶᠡᠰᠦᠨ ᠮᠠᠰᠢᠨ ᠤ ᠠᠵᠢᠯ ᠲᠥᠷᠥᠯ ᠤᠨ ︽ᠰᠤᠯᠠ ᠵᠣᠭᠤᠰ︾ ᠲᠠᠷᠬᠠᠭᠠᠬᠤ ᠡᠬᠢᠯᠡᠯᠲᠡ ᠶᠢᠨ ᠶᠣᠰᠣᠯᠠᠯ ᠤᠯᠠᠭᠠᠨᠬᠤᠲᠠ ᠶᠢᠨ ᠬᠤᠲᠠ ᠶᠢᠨ ᠵᠠᠰᠠᠭ ᠤᠨ ᠤᠷᠳᠤᠨ ᠤ ᠠᠭᠤᠳᠠᠮ ᠲᠠᠯᠠᠪᠠᠶ ᠳᠤ ᠶᠠᠪᠤᠭᠳᠠᠪᠠ᠃ ᠠᠶᠢᠮᠠᠭ ᠬᠤᠳᠠ ᠶᠢᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠵᠢᠴᠢ ᠪᠦᠬᠦ ᠠᠶᠢᠮᠠᠭ ᠤᠨ 17 ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠳᠤᠷᠢᠳᠤᠯᠭ᠎ᠠ ᠨᠠᠷ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ  ᠲᠠᠬᠢ ᠬᠤᠪᠢᠶᠠᠷᠢ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠪᠠᠶᠠᠷ ᠤᠨ ᠦᠭᠡ ᠬᠡᠯᠡᠵᠡᠢ᠃ ᠡᠭᠦᠨ ᠤ ᠳᠠᠷᠠᠭ᠎ᠠ᠂ ᠡᠯ᠎ᠡ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ ᠠᠴᠠ ᠲᠤᠬᠠᠢ ᠶᠢᠨ ᠲᠠᠯᠠᠪᠠᠶ ᠶᠢᠨ 25 ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ︽ᠰᠤᠯᠠ ᠵᠣᠭᠤᠰ︾ ᠶᠢ ᠲᠦᠭᠡᠭᠡᠨ ᠦᠭᠴᠠᠢ᠃ ︽ᠰᠤᠯᠠ ᠵᠤᠭᠤᠰ︾ ᠳᠤ ᠨᠡᠶᠢᠲᠡ 100 ᠲᠥᠭᠦᠷᠢᠭ᠂ 200 ᠲᠥᠭᠦᠷᠢᠭ᠂ 300 ᠲᠥᠭᠦᠷᠢᠭ᠂ 500 ᠲᠥᠭᠦᠷᠢᠭ ᠵᠡᠷᠭᠡ ᠳᠥᠷᠪᠡᠨ ᠵᠦᠢᠯ ᠤᠨ ᠪᠠᠷᠢᠮᠵᠢᠶ᠎ᠠ ᠶᠢ ᠲᠣᠭᠲᠠᠭᠠᠵᠤ᠂ ᠵᠣᠬᠢᠬᠤ ᠲᠣᠭᠠᠨ ᠤ 1 ᠲᠥᠭᠦᠷᠢᠭ᠂ 5 ᠲᠥᠭᠦᠷᠢᠭ᠂ 10 ᠲᠥᠭᠦᠷᠢᠭ ᠪᠠ 20 ᠲᠥᠭᠦᠷᠢᠭ ᠤᠨ ᠴᠠᠭᠠᠰᠤᠨ ᠵᠣᠭᠤᠰ ᠢᠶᠠᠷ ᠪᠦᠷᠢᠯᠳᠦᠭᠰᠡᠨ ᠪᠣᠯᠬᠤᠷ ᠵᠢᠯᠣᠭᠤᠴᠢ ᠬᠡᠷᠡᠭᠴᠡᠭᠡ ᠪᠠᠨ ᠦᠨᠳᠦᠰᠦᠯᠡᠨ ᠥᠪᠡᠰᠦᠪᠡᠨ ᠰᠣᠩᠭᠤᠵᠤ᠂ ᠡᠳᠦᠷ ᠲᠤᠲᠤᠮ ᠤᠨ ᠠᠵᠢᠯ ᠤᠨ ᠳᠤᠮᠳᠠᠬᠢ ︽ᠰᠤᠯᠠ ᠵᠣᠭᠤᠰ ᠢ ᠡᠷᠢᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠵᠠᠢ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号