ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠤᠬᠯᠠᠯᠳᠠ
ᠨᠡᠶᠢᠲᠡᠯᠡᠭᠰᠡᠨ ᠴᠠᠭ᠄
2024/4/12
     ︽ᠤᠮᠠᠷᠠᠳᠤ ᠬᠢᠯᠢ ᠶᠢᠨ ᠰᠤᠶᠤᠯ︾ ᠤᠨ ᠨᠡᠷᠡᠳᠤ ᠲᠡᠮᠳᠡᠭ ᠢ ᠪᠦᠬᠦ ᠬᠦᠴᠦ ᠪᠠᠷ ᠪᠤᠢ ᠪᠤᠯᠭᠠᠵᠦ᠂ ᠦᠷᠬᠡᠨ ᠤᠯᠠᠨ ᠮᠠᠯᠴᠢᠨ ᠲᠠᠷᠢᠶᠠᠴᠢᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠬᠤ ᠶᠢᠨ ᠲᠦᠯᠦᠬᠡ᠂ 4 ᠰᠠᠷ᠎ᠠ ᠶᠢᠨ 10 ᠤ ᠡᠳᠦᠷ᠂ ᠤᠯᠠᠭᠠᠨᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠤᠯᠠᠭᠠᠨᠬᠤᠳᠠ ᠶᠢᠨ ᠰᠢᠨ᠎ᠠ ᠴᠠᠭ ᠦᠶ᠎ᠡ ᠶᠢᠨ ᠪᠤᠯᠪᠠᠰᠦᠨ ᠤ ᠦᠢᠯᠡᠳᠦᠯᠬᠡ ᠶᠢᠨ ᠦᠢᠯᠡᠴᠢᠯᠡᠬᠡᠨ ᠤ ᠲᠦᠪ᠂ ᠭᠡᠭᠡᠨᠰᠦ᠋ᠮ᠎ᠠ ᠪᠠᠯᠭᠠᠰᠦ ᠶᠢᠨ ᠨᠠᠮ ᠤᠨ ᠬᠤᠷᠢᠶ᠎ᠠ ᠠᠴᠠ ᠭᠤᠤᠯᠯᠠᠨ ᠡᠷᠬᠢᠯᠡᠵᠦ᠂ ᠬᠢᠨᠭ᠍ᠭᠠᠨ ᠠᠶᠢᠮᠠᠭ ᠤᠨ ᠰᠤᠶᠤᠯ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ᠰᠢᠨ᠎ᠠ ᠴᠠᠭ ᠦᠶ᠎ᠡ ᠶᠢᠨ ᠪᠤᠯᠪᠠᠰᠦᠨ ᠤ ᠦᠢᠯᠡᠳᠦᠯᠬᠡ ᠶᠢᠨ ᠦᠢᠯᠡᠴᠢᠯᠡᠬᠡᠨ ᠤ ᠪᠠᠭ᠎ᠠ ᠬᠦᠷᠢᠶᠡᠯᠡᠩ ᠤᠨ ᠫᠠᠶᠢᠰᠠ ᠡᠯᠬᠦᠬᠦ ᠶᠤᠰᠤᠯᠠᠯ ᠵᠢᠴᠢ ︽ᠬᠦᠳᠡᠭᠡ ᠲᠤᠰᠬᠤᠨ ᠳᠤ ᠬᠦᠰᠡᠯ ᠵᠡᠬᠦᠳᠤ ᠪᠠᠨ ᠲᠡᠷᠬᠡᠯᠰᠢᠬᠦᠯᠦᠶ᠎ᠡ · ᠪᠢᠳᠡᠨ ᠤ ᠤᠷᠠᠯᠢᠭ ᠤᠨ ᠲᠡᠪᠴᠡᠩ︾ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠤᠬᠯᠠᠯᠳᠠ ᠭᠡᠭᠡᠨᠰᠦ᠋ᠮ᠎ᠠ ᠪᠠᠯᠭᠠᠰᠦᠨ ᠤ ᠪᠠᠶᠠᠨᠬᠠᠳᠠ ᠭᠠᠴᠠᠭᠠᠨ ᠳᠤ ᠠᠰᠢᠳᠠᠢ ᠰᠠᠶᠢᠬᠠᠨ ᠶᠠᠪᠤᠬᠳᠠᠬᠰᠠᠨ ᠪᠠᠶᠢᠨ᠎ᠠ᠃
     ᠠᠵᠢᠯᠯᠠᠭ᠎ᠠ ᠳᠤ᠂ ᠰᠤᠶᠤᠯ ᠤᠨ ᠰᠠᠶᠢᠨ ᠲᠤᠷᠠᠴᠤᠤᠯ ᠠᠴᠠ ︽ᠬᠦᠳᠡᠭᠡ ᠲᠠᠯ᠎ᠠ ᠳᠤ ᠮᠦᠡᠭᠬᠡ ᠶᠢᠨ ᠨᠠᠷᠠ ᠮᠠᠨᠳᠤᠯ᠎ᠠ︾᠂ ︽ᠮᠠᠬᠳᠠᠭᠠᠯ ᠲᠠᠭᠤᠤ︾᠂ ᠬᠠᠮᠳᠤ ᠶᠢᠨ ᠪᠦᠵᠢᠭ᠂ ᠲᠦᠷᠪᠡᠨ ᠤᠳᠠᠰᠤᠲᠤ ᠬᠤᠭᠤᠷ᠂ ᠬᠤᠯᠪᠤᠭ᠎ᠠ᠂ ᠭᠤᠴᠤᠯᠠᠯ ᠲᠠᠭᠤᠤ ᠵᠡᠷᠭᠡ ᠤᠷᠠᠨ ᠰᠠᠶᠢᠬᠠᠨ ᠤ ᠳᠤᠬᠯᠠᠯᠳᠠ ᠪᠠᠷ ᠢᠶᠠᠨ ᠰᠢᠨ᠎ᠠ ᠴᠠᠭ ᠦᠶ᠎ᠡ ᠶᠢᠨ ᠵᠢᠷᠭᠠᠯᠳᠤ ᠠᠮᠢᠳᠦᠷᠠᠯ ᠢᠶᠠᠨ ᠮᠠᠬᠳᠠᠨ ᠲᠠᠭᠤᠯᠠᠵᠦ᠂ ᠬᠤᠷᠠᠬᠰᠠᠨ ᠤᠯᠠᠨ ᠤ ᠪᠠᠨ ᠬᠠᠷᠠᠭ᠎ᠠ ᠰᠤᠨᠤᠷ ᠢ ᠪᠠᠶᠠᠰᠬᠠᠵᠠᠢ᠃                            ︵ᠸᠠᠩ ᠵᠢᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号