ᠤᠯᠠᠭᠠᠨᠬᠤᠳᠠ ᠶᠢᠨ ᠬᠤᠸᠠ ᠱᠧᠩ ᠤᠨ ᠤᠷᠤᠯᠭ᠎ᠠ ᠤᠯᠠᠨ ᠤ ᠠᠩᠬᠠᠷᠤᠯ ᠢ ᠲᠠᠳᠠᠨ᠎ᠠ
ᠨᠡᠶᠢᠲᠡᠯᠡᠭᠰᠡᠨ ᠴᠠᠭ᠄
2024/4/2
  ᠣᠶᠢᠷ᠎ᠠ ᠳᠤ᠂ ᠤᠯᠠᠭᠠᠨᠬᠤᠲᠠ ᠶᠢᠨ ᠬᠤᠸᠠ ᠱᠧᠩ ᠴᠠᠬᠢᠯᠭᠠᠨ ᠬᠡᠷᠡᠭᠰᠡᠯ ᠤᠨ ᠨᠢᠭᠡᠳᠦᠭᠡᠷ ᠤᠯᠠᠷᠢᠯ ᠤᠨ ᠠᠵᠢᠯ ᠤᠨ  ᠠᠮᠵᠢᠯᠳᠠ ᠪᠦᠲᠦᠮᠵᠢ ᠶᠢᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠲᠤᠰ ᠴᠠᠬᠢᠯᠭᠠᠨ ᠬᠡᠷᠡᠭᠰᠡᠯ ᠤᠨ ᠡᠵᠡᠩᠨᠡᠯᠲᠡ ᠶᠢᠨ ᠪᠥᠬᠦ ᠣᠷᠣᠯᠭ᠎ᠠ ᠨᠢ 3000 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 7.4% ᠪᠠᠷ ᠨᠡᠮᠡᠭᠳᠡᠨ᠂  ᠨᠢᠭᠡᠳᠤᠭᠡᠷ ᠤᠯᠠᠷᠢᠯ ᠤᠨ ᠰᠠᠶᠢᠨ ᠡᠬᠢᠯᠡᠯᠲᠡ   ᠶᠢ ᠪᠡᠶᠡᠯᠡᠬᠦᠯᠵᠠᠢ᠃  
      ᠬᠤᠸᠠ ᠱᠧᠩ ᠴᠠᠬᠢᠯᠭᠠᠨ ᠬᠡᠷᠡᠭᠰᠡᠯ ᠤᠨ ᠬᠤᠳᠠᠯᠳᠤᠭᠠᠨ ᠤ ᠲᠠᠯᠠᠪᠤᠷ ᠲᠤ᠂ ᠬᠦᠯᠳᠡᠭᠡᠬᠦᠷ᠂ ᠠᠭᠠᠷ ᠲᠣᠬᠢᠷᠠᠭᠤᠯᠤᠭᠴᠢ᠂ ᠬᠤᠪᠴᠠᠰᠤ ᠤᠬᠢᠶᠠᠬᠤ ᠮᠠᠰᠢᠨ᠂ ᠭᠡᠷ ᠤᠨ ᠵᠢᠵᠢᠭ ᠴᠠᠬᠢᠯᠭᠠᠨ ᠬᠡᠷᠡᠭᠰᠡᠯ ᠵᠢᠴᠢ ᠲᠣᠭᠤᠭᠠᠨ ᠭᠡᠷ ᠤᠨ ᠬᠡᠷᠡᠭᠰᠡᠯ ᠵᠡᠷᠭᠡ ᠲᠠᠸᠠᠷ ᠤᠨ ᠬᠡᠷᠡᠭᠴᠡᠭᠡ ᠦᠷᠭᠦᠯᠵᠢᠯᠡᠨ ᠰᠠᠶᠢᠵᠢᠷᠠᠵᠤ᠂ ᠭᠠᠷ ᠤᠲᠠᠰᠤᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠮᠠᠶᠢᠮᠠᠢ ᠨᠢ ᠴᠦ ᠥᠷᠭᠡᠨ ᠣᠯᠠᠨ ᠬᠡᠷᠡᠭᠯᠡᠭᠴᠢᠳ ᠤᠨ ᠬᠦᠷᠢᠶᠡᠯᠡᠯ ᠢ ᠤᠯᠪᠠ
      ︽ᠣᠶᠢᠷ᠎ᠠ ᠶᠢᠨ ᠬᠤᠭᠤᠴᠠᠭᠠᠨ ᠳᠤ᠂ ᠪᠢᠳᠡ ᠠᠯᠢ ᠣᠯᠠᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠬᠡᠷᠡᠭᠵᠢᠬᠦᠯᠦᠭᠰᠡᠨ ᠪᠠᠶᠢᠨ᠎ᠠ᠃ ᠵᠢᠱᠢᠶᠡᠯᠡᠪᠡᠯ᠂ ᠵᠠᠰᠠᠵᠤ ᠴᠢᠮᠡᠭᠯᠡᠬᠦ ᠳᠤ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯᠯᠠᠭ᠎ᠠ ᠶᠢ ᠦᠷᠨᠢᠬᠦᠯᠦᠭᠰᠡᠨ ᠪᠥᠭᠡᠳ 39 ᠡᠳᠦᠷ ᠤᠨ ᠳᠣᠲᠣᠷ᠎ᠠ ᠬᠠᠨᠤᠮᠵᠢ ᠦᠭᠡᠢ ᠪᠣᠯ ᠪᠠᠷᠠᠭ᠎ᠠ ᠶᠢ ᠪᠤᠴᠠᠭᠠᠬᠤ᠂ ᠵᠠᠭᠤᠨ ᠺᠢᠯᠣᠮᠧᠲᠷ ᠤᠨ ᠳᠣᠲᠣᠷ᠎ᠠ ᠰᠦᠢᠳᠬᠡᠯ ᠬᠤᠷᠢᠶᠠᠬᠤ ᠦᠭᠡᠢ ᠪᠠᠷ ᠪᠠᠷᠠᠭ᠎ᠠ ᠬᠦᠷᠭᠡᠨ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠬᠠᠩᠭᠠᠵᠤ᠂ ᠬᠠᠮᠤᠭ ᠤᠨ ᠰᠢᠯᠢᠳᠡᠭ ᠦᠢᠯᠡᠴᠢᠯᠡᠭᠡ ᠪᠠᠷ ᠥᠷᠭᠡᠨ ᠣᠯᠠᠨ ᠬᠡᠷᠡᠭᠯᠡᠭᠴᠢᠳ ᠤᠨ ᠬᠤᠸᠠ ᠱᠧᠩ ᠴᠠᠬᠢᠯᠭᠠᠨ ᠬᠡᠷᠡᠭᠰᠡᠯ ᠤᠨ ᠰᠣᠩᠭᠤᠯᠲᠠ ᠪᠠ ᠢᠲᠡᠭᠡᠯ ᠢ ᠬᠠᠷᠢᠭᠤᠯᠠᠬᠤ ᠪᠠᠷ ᠴᠢᠷᠮᠠᠶᠢᠨ᠎ᠠ︾ ᠭᠡᠵᠤ ᠬᠤᠸᠠ ᠱᠧᠩ ᠴᠠᠬᠢᠯᠭᠠᠨ ᠬᠡᠷᠡᠭᠰᠡᠯ ᠤᠨ ᠳᠡᠳ᠋ ᠶᠡᠷᠦᠩᠬᠡᠢ ᠳᠠᠭᠠᠭᠠᠮᠠᠯ ᠯᠢ ᠰᠢᠶᠠᠩ ᠰᠤᠷᠪᠤᠯᠵᠢᠯᠠᠭᠴᠢ ᠳᠤ ᠬᠡᠯᠡᠵᠠᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号