ᠬᠢᠩᠭᠠᠨ ᠠᠶᠢᠮᠠᠭ ᠪᠠᠴᠢᠮ ᠠᠪᠤᠷᠠᠯᠳᠠ ᠶᠢᠨ ᠠᠵᠢᠯ ᠢ ᠰᠠᠶᠢᠳᠤᠷ ᠬᠢᠵᠤ ᠤᠯᠠᠨ ᠲᠦᠮᠡᠨ ᠤ ᠡᠷᠡᠬᠦᠯ ᠡᠩᠭᠡ ᠶᠢ ᠪᠠᠳᠤᠯᠠᠵᠤ ᠪᠤᠢ
ᠨᠡᠶᠢᠲᠡᠯᠡᠭᠰᠡᠨ ᠴᠠᠭ᠄
2024/4/22
     ᠪᠠᠴᠢᠮ ᠠᠪᠤᠷᠠᠯᠲᠠ ᠳᠤ ︽5G ᠵᠢᠭᠦᠷ︾ ᠤᠷᠭᠤᠭᠤᠯᠤᠭᠰᠠᠨ ᠰᠢᠨ᠎ᠠ ᠴᠠᠬ ᠦᠶ᠎ᠠ ᠳᠤ᠂ ᠣᠶᠤᠨᠴᠢ ᠡᠮᠴᠢᠯᠡᠭᠡᠨ ᠨᠢ ᠠᠪᠤᠷᠠᠨ ᠡᠮᠨᠡᠬᠦ ᠠᠵᠢᠯ ᠢ ᠨᠠᠩ ᠲᠦᠷᠭᠡᠳᠭᠡᠭᠰᠡᠨ ᠪᠠᠶᠢᠨ᠎ᠠ᠃ ᠣᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 73 ᠨᠠᠰᠤᠲᠠᠶ ᠯᠢᠦ ᠨᠠᠰᠤᠲᠠᠨ ᠤ ᠭᠡᠨᠡᠳᠳᠡ ᠴᠡᠭᠡᠵᠢ ᠡᠪᠡᠳᠤᠨ᠂ ᠬᠥᠯᠥᠰᠥ ᠭᠠᠷᠴᠦ ᠪᠡᠶ᠎ᠠ ᠵᠤᠪᠠᠭ᠋ᠤ ᠪᠠᠶᠢᠳᠡᠯ ᠭᠠᠷᠤᠬᠰᠠᠨ ᠠᠴᠠ ᠳᠠᠷᠠ ᠳᠠᠷᠤᠢ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠬᠦᠯᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠢᠨ ᠯᠢᠦ ᠨᠠᠰᠤᠳᠠᠨ ᠢ ᠭᠥᠯᠢᠶᠡᠨ ᠠᠪᠴᠤ ᠡᠮᠨᠡᠭᠰᠡᠨ ᠤ ᠳᠠᠷᠠᠭ᠎ᠠ ᠵᠢᠷᠦᠬᠡᠨ ᠪᠤᠯᠴᠢᠩ ᠪᠢᠲᠡᠭᠦᠷᠡᠨ ᠦᠬᠦᠵᠢᠭᠰᠡᠨ ᠢᠶᠠᠷ ᠠᠩᠬ᠎ᠠ ᠠᠯᠬᠤᠮ ᠤᠨ ᠤᠨᠤᠰᠢᠯᠠᠯᠳᠠ ᠬᠢᠵᠦ᠂ ᠳᠠᠬᠢᠨ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠴᠡᠭᠡᠵᠢ ᠡᠪᠡᠳᠬᠦ ᠶᠢ ᠡᠮᠨᠡᠨ ᠵᠠᠰᠠᠬᠤ ᠲᠥᠪ ᠲᠠᠢ ᠬᠠᠷᠢᠯᠴᠠᠭᠰᠠᠨ ᠪᠠᠶᠢᠨ᠎ᠠ᠃ ᠳᠡᠭᠡᠭᠡᠳ ᠬᠢᠩᠭᠠᠨ ᠠᠶᠢᠮᠠᠭ ᠤᠨ 5G + ᠪᠠᠴᠢᠮ ᠠᠪᠤᠷᠠᠯᠳᠠ ᠶᠢᠨ ᠲᠠᠪᠴᠠᠩ ᠤᠨ ᠬᠢᠨ ᠰᠠᠭᠠᠳ ᠥᠬᠡᠶ ᠨᠡᠪᠲᠡᠷᠡᠬᠦ ᠵᠠᠮ ᠢᠶᠠᠷ ᠳᠠᠮᠵᠢᠭᠤᠯᠤᠨ᠂ ᠴᠠᠬ ᠳᠤᠬᠠᠢ ᠳᠤᠨᠢ ᠡᠪᠡᠳᠴᠢᠨ ᠢ ᠤᠨᠤᠰᠢᠯᠠᠨ ᠡᠮᠨᠡᠨ ᠵᠠᠰᠠᠬᠤ ᠠᠷᠭ᠎ᠠ ᠠᠪᠴᠠᠯ ᠭᠠᠷᠭᠠᠵᠦ ᠦᠭᠪᠡ᠃     ᠯᠢᠦ ᠨᠠᠰᠤᠲᠠᠨ ᠢ ᠲᠦᠷᠬᠡᠨ ᠰᠢᠯᠵᠢᠬᠦᠯᠤᠨ ᠠᠮᠵᠢᠯᠳᠠ ᠲᠠᠢ ᠡᠮᠨᠡᠨ ᠠᠪᠤᠷᠠᠬᠰᠠᠨ ᠨᠢ ᠬᠤᠶᠠᠷ ᠡᠮᠨᠡᠯᠭᠡ ᠶᠢᠨ ᠬᠤᠷᠢᠶ᠎ᠠ ᠬᠤᠤᠰᠯᠠᠯ ᠪᠠᠶᠢᠭᠤᠯᠤᠨ ᠬᠠᠪᠰᠤᠷᠤᠨ ᠳᠤᠰᠠᠯᠠᠬᠤ ᠳᠠᠪᠴᠠᠩ ᠢ ᠨᠡᠭᠡᠭᠡᠭᠰᠡᠨ ᠠᠴᠠ ᠪᠣᠯᠤᠭᠰᠠᠨ ᠶᠤᠮ᠂ ᠨᠠᠩ ᠴᠤ 5G + ᠪᠠᠴᠢᠮ ᠠᠪᠤᠷᠠᠯᠳᠠ ᠶᠢᠨ ᠲᠠᠪᠴᠠᠩ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠪᠠᠴᠢᠮ ᠠᠪᠤᠷᠠᠯᠳᠠ ᠶᠢᠨ ᠬᠠᠪᠰᠤᠷᠤᠨ ᠵᠢᠯᠣᠭᠤᠳᠣᠯᠭ᠎ᠠ ᠶᠢ ᠪᠡᠶᠡᠯᠡᠭᠦᠯᠦᠭᠰᠡᠨ ᠠᠴᠠ ᠪᠣᠯᠤᠭᠰᠠᠨ ᠶᠤᠮ᠃ ︽ᠡᠨᠡᠬᠦ 5G + ᠪᠠᠴᠢᠮ ᠠᠪᠤᠷᠠᠯᠳᠠ ᠶᠢᠨ ᠲᠠᠪᠴᠠᠩ ᠢᠶᠠᠷ ᠳᠠᠮᠵᠢᠭᠠᠳ᠂ ᠮᠠᠰᠢ ᠣᠯᠠᠨ ᠪᠠᠴᠢᠮ ᠠᠪᠤᠷᠠᠯᠳᠠ ᠶᠢᠨ ᠠᠷᠭ᠎ᠠ ᠬᠡᠮᠵᠢᠶ᠎ᠡ ᠶᠢ ᠪᠠᠴᠢᠮ ᠠᠪᠤᠷᠠᠯᠳᠠ ᠶᠢᠨ ᠳᠡᠷᠭᠡᠨ ᠳᠡᠭᠡᠷ᠎ᠠ ᠨᠢᠭᠡᠨᠲᠡ ᠳᠤᠬᠳᠠᠭᠠᠬᠤ ᠶᠢ ᠪᠡᠶᠡᠯᠡᠬᠦᠯᠵᠦ᠂ ᠡᠮᠨᠡᠯᠭᠡ ᠳᠤ ᠣᠷᠣᠮᠠᠭᠴᠠ ᠤᠯᠠᠮ ᠨᠢᠭᠡ ᠠᠯᠬᠤᠮ ᠡᠮᠨᠡᠭᠦᠯᠬᠦ ᠶᠢ ᠠᠬᠢᠭᠤᠯᠤᠬᠰᠠᠨ ᠪᠠᠶᠢᠨ᠎ᠠ︾ ᠭᠡᠵᠦ ᠨᠢᠭᠡᠨ ᠡᠪᠡᠳᠴᠢᠲᠡᠨ ᠶᠠᠷᠢᠨ᠎ᠠ᠃     ᠪᠠᠴᠢᠮ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠪᠣᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠪᠠ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢᠨ ᠴᠢᠬᠤᠯᠠ ᠢᠯᠡᠷᠡᠯ ᠪᠣᠯᠤᠨ᠎ᠠ᠃ ᠤᠯᠠᠨ ᠤᠳᠠᠭ᠎ᠠ ᠶᠢᠨ ᠠᠮᠢ ᠨᠠᠰᠤ ᠶᠢ ᠠᠪᠤᠷᠠᠬᠤ ︽ᠬᠠᠲᠠᠭᠤ ᠳᠠᠶᠢᠯᠠᠯᠳᠤᠭᠠᠨ︾ ᠳᠤ ᠬᠢᠩᠭᠠᠨ ᠠᠶᠢᠮᠠᠭ ᠤᠨ 5G+ ᠪᠠᠴᠢᠮ ᠠᠪᠤᠷᠠᠯᠳᠠ ᠶᠢᠨ ᠲᠠᠪᠴᠠᠩ ᠤᠨ ᠥᠨᠳᠥᠷ ᠪᠦᠲᠦᠮᠵᠢᠲᠡᠢ ᠠᠵᠢᠯᠯᠠᠭ᠎ᠠ ᠶᠢ ᠰᠢᠯᠭᠠᠨ ᠪᠠᠶᠢᠴᠠᠭᠠᠵᠠᠢ᠃ ᠣᠲᠣᠬᠠᠨ ᠪᠣᠯᠲᠠᠯ᠎ᠠ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠣᠰ ᠲᠠᠪᠴᠠᠩ ᠢᠶᠠᠷ ᠳᠡᠮᠵᠢᠨ ᠨᠡᠶᠢᠲᠡ 500 ᠭᠠᠷᠤᠶ ᠡᠪᠡᠳᠴᠢᠲᠡᠨ ᠢ ᠠᠪᠤᠷᠠᠨ ᠵᠠᠰᠠᠬᠰᠠᠨ ᠪᠠᠶᠢᠨ᠎ᠠ᠃                          ︵ᠴᠢᠮᠡᠭᠡᠯᠡᠭᠴᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号