ᠬᠢᠨᠭ᠍ᠭᠠᠨ ᠠᠶᠢᠮᠠᠬ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠦᠨᠳᠦᠰᠤᠨ ᠱᠠᠳᠤ ᠪᠠᠷ ᠠᠯᠪᠠᠨ ᠵᠢᠷᠤᠮ ᠤᠨ ᠡᠮᠴᠢᠯᠡᠭᠡᠨ ᠬᠢᠵᠠᠢ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 16 ᠤ ᠡᠳᠦᠷ᠂ ᠬᠢᠨᠭ᠍ᠭᠠᠨ ᠠᠶᠢᠮᠠᠬ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠮᠴᠢ ᠠᠵᠢᠯᠳᠡᠳ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠨᠡᠳᠦᠭᠡᠷ ᠪᠠᠯᠭᠠᠰᠤᠨ ᠤ ᠪᠠᠶᠠᠨ ᠳᠤᠰᠬᠤᠨ ᠪᠤᠯᠤᠨ ᠱᠤᠸᠠᠩ ᠱᠸᠡᠭ ᠳᠤᠰᠬᠤᠨ ᠢᠶᠠᠷ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠵᠦ᠂ ᠤᠯᠠᠨ ᠲᠦᠮᠡᠨ ᠳᠤ ᠡᠷᠡᠬᠦᠯ ᠡᠩᠭᠡ ᠬᠦᠷᠭᠡᠭᠰᠡᠨ ᠪᠠᠶᠢᠨ᠎ᠠ᠃     ᠠᠵᠢᠯᠯᠠᠭ᠎ᠠ ᠳᠤ᠂ ᠬᠢᠨᠭ᠍ᠭᠠᠨ ᠠᠶᠢᠮᠠᠬ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠺᠠᠳ᠋ᠷᠴᠤᠳ ᠠᠴᠠ ᠭᠠᠴᠠᠭ᠎ᠠ ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠭᠡᠰᠢᠬᠦᠳ ᠤᠨ ᠠᠵᠢᠯ ᠠᠮᠢᠳᠤᠷᠠᠯ ᠤᠨ ᠪᠠᠶᠢᠳᠡᠯ ᠵᠢᠴᠢ ᠳᠤᠰᠬᠤᠨ ᠤ ᠪᠤᠳᠠᠳᠤ ᠪᠠᠶᠢᠳᠠᠯ ᠢ ᠤᠶᠢᠯᠠᠭᠠᠬᠰᠠᠨ ᠪᠠᠶᠢᠨ᠎ᠠ᠃     ᠳᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠳᠤ ᠨᠡᠶᠢᠳᠡ 120 ᠭᠠᠷᠤᠢ ᠬᠦᠮᠦᠨ ︵ᠤᠳᠠᠭ᠎ᠠ︶ ᠳᠤ ᠦᠢᠯᠡᠴᠢᠯᠡᠭᠡ ᠬᠠᠨᠭ᠍ᠭᠠᠵᠦ᠂ 80 ᠭᠠᠷᠤᠢ ᠬᠤᠪᠢ ᠡᠮ ᠤᠨ ᠵᠦᠢᠯᠡᠰ ᠢ ᠳᠠᠷᠬᠠᠭᠠᠭᠰᠠᠨ ᠪᠠᠶᠢᠨ᠎ᠠ᠃                                                        ︵ᡁᠢ ᠮᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号