ᠭᠡᠷ ᠵᠠᠭᠤᠷ᠎ᠠ ᠶᠢᠨ ᠭᠠᠯ ᠤᠨ ᠠᠮᠤᠷ ᠳᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/4/22
    ᠬᠠᠪᠤᠷ ᠤᠨ ᠤᠯᠠᠷᠢᠯ ᠳᠤ ᠡᠳ᠋ ᠪᠤᠳᠠᠰ ᠬᠠᠭᠤᠷᠠᠶᠢᠰᠢᠭᠠᠳ᠂ ᠡᠯ᠎ᠡ ᠵᠦᠢᠯ ᠤᠨ ᠭᠠᠯ ᠤᠨ ᠠᠶᠤᠯ ᠲᠦᠭᠰᠢᠭᠦᠷᠢ ᠶᠢ ᠨᠡᠮᠡᠭᠳᠡᠭᠦᠯᠳᠡᠭ᠃ ᠡᠭᠦᠨ ᠳᠤ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠬᠠᠰᠢ ᠶᠠᠰᠢ ᠬᠠᠨᠳᠦᠵᠦ ᠤᠮᠳᠤᠭᠠᠶᠢᠯᠠᠵᠤ ᠪᠤᠯᠤᠰᠢ ᠦᠭᠡᠢ᠃ ᠠᠮᠢᠳᠤᠷᠠᠯ ᠲᠤᠮᠳᠠᠬᠢ ᠵᠠᠷᠢᠮ ᠨᠠᠷᠢᠨ ᠰᠢᠷᠢᠨ ᠵᠦᠢᠯᠡᠰ ᠢ ᠠᠩᠬᠠᠷᠤᠯ ᠳᠠᠭᠠᠨ ᠠᠪᠬᠤ ᠦᠭᠡᠢ ᠠᠴᠠ ᠪᠤᠯᠵᠤ᠂ ᠠᠮᠠᠷᠬᠠᠨ ᠭᠡᠷ ᠵᠠᠭᠤᠷ᠎ᠠ ᠶᠢᠨ ᠠᠮᠤᠷ ᠲᠦᠪᠰᠢᠨ ᠤ ᠭᠡᠮ ᠰᠣᠭᠤᠭ ᠢ ᠡᠭᠦᠰᠭᠡᠳᠡᠭ᠃     ᠭᠠᠯ ᠤᠨ ᠠᠶᠤᠯ ᠢ ᠰᠡᠷᠭᠡᠶᠢᠯᠡᠬᠦ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠃ ᠡᠳᠦᠷ ᠲᠤᠳᠤᠮ ᠤᠨ ᠲᠤᠷᠰᠢ ᠭᠠᠯ ᠤᠨ ᠠᠶᠤᠯ ᠢ ᠰᠡᠷᠭᠡᠶᠢᠯᠡᠬᠦ ᠳᠤ ᠬᠦᠡᠭᠭᠡᠨ ᠬᠠᠭᠤᠳᠠᠮ ᠢᠶᠠᠷ ᠬᠠᠨᠳᠤᠵᠤ ᠪᠤᠯᠬᠤ ᠦᠭᠡᠢ᠂ ᠲᠤᠤᠷᠠᠬᠢ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠵᠠᠪᠠᠯ ᠲᠠᠰᠤ ᠴᠡᠭᠡᠵᠢᠯᠡᠬᠦ ᠬᠡᠷᠡᠭᠲᠡᠢ᠃     ᠲᠤᠯᠠᠭᠠᠯᠠᠭ᠎ᠠ᠂ ᠬᠢᠰᠠ ᠶᠢᠨ ᠬᠠᠵᠠᠭᠤ ᠳᠤ ᠠᠮᠠᠷᠬᠠᠨ ᠨᠤᠴᠤᠬᠤ ᠪᠤᠳᠠᠰ ᠲᠠᠯᠪᠢᠬᠤ ᠦᠭᠡᠢ ᠪᠦᠭᠡᠳ ᠬᠤᠪᠴᠠᠰᠦ ᠬᠤᠨᠠᠷ ᠢᠶᠠᠨ ᠲᠡᠭᠡᠷ᠎ᠡ ᠨᠢ ᠲᠠᠯᠪᠢᠬᠤ ᠦᠭᠡᠢ︔ ᠴᠠᠬᠢᠯᠭᠠᠨ ᠲᠡᠪᠢᠰᠭᠡᠷ ᠢ ᠬᠡᠳᠦ ᠤᠳᠠᠭᠠᠨ ᠴᠡᠨᠡᠭᠯᠡᠵᠤ ᠪᠤᠯᠬᠤ ᠦᠭᠡᠢ︔ ᠬᠡᠢ ᠶᠢᠨ ᠵᠤᠤᠬ᠎ᠠ ᠪᠠᠨ ᠬᠡᠷᠡᠭᠯᠡᠵᠤ ᠲᠠᠭᠤᠰᠪᠠᠯ ᠬᠠᠭᠠᠯᠭ᠎ᠠ ᠶᠢ ᠨᠢ ᠮᠤᠰᠭᠢᠬᠤ︔ ᠱᠠᠹᠠ ᠪᠤᠶᠤ ᠤᠷᠤ ᠲᠡᠭᠡᠷ᠎ᠡ ᠪᠠᠨ ᠬᠡᠪᠲᠡᠵᠦ ᠲᠠᠮᠠᠬᠢ ᠲᠠᠲᠠᠬᠤ ᠦᠭᠡᠢ︔ ᠲᠤᠷ᠎ᠠ ᠪᠠᠷ ᠢᠶᠠᠨ ᠤᠳᠠᠰᠦ ᠲᠠᠲᠠᠵᠤ ᠴᠠᠬᠢᠯᠭᠠᠨ ᠬᠦᠳᠡᠯᠭᠡᠭᠦᠷᠲᠦ ᠲᠤᠭᠤᠢ ᠲᠡᠷᠭᠡ ᠪᠠᠨ ᠴᠡᠨᠡᠭᠯᠡᠵᠦ᠂ ᠠᠰᠠᠷ ᠤᠨ ᠭᠤᠳᠤᠮᠵᠢ᠂ ᠠᠶᠤᠯᠭᠦᠢ ᠶᠢᠨ ᠭᠠᠷᠴᠠ ᠶᠢ ᠪᠦᠭᠯᠡᠵᠦ ᠪᠤᠯᠬᠤ ᠦᠭᠡᠢ︔ ᠴᠠᠬᠢᠯᠭᠠᠨ ᠬᠤᠷᠢᠶᠠᠭᠤᠷ ᠢᠶᠠᠨ ᠲᠤᠬᠲᠠᠭᠰᠠᠨ ᠬᠤᠭᠤᠴᠠᠭ᠎ᠠ ᠲᠠᠢ ᠪᠠᠶᠢᠴᠠᠭᠠᠬᠤ ᠬᠡᠷᠡᠭᠳᠡᠢ︔ ᠭᠡᠷ ᠲᠡᠭᠡᠨ ᠪᠦᠷᠢᠮᠦᠰᠦᠨ ᠪᠢᠲᠡᠭᠦᠮᠵᠢᠯᠡᠭᠰᠡᠨ ᠬᠤᠯᠠᠭᠠᠢ ᠠᠴᠠ ᠰᠡᠷᠭᠡᠶᠢᠯᠡᠬᠦ ᠴᠤᠩᠬᠤ ᠤᠭᠰᠠᠷᠠᠬᠤ ᠦᠬᠡᠢ ᠪᠤᠯ ᠰᠠᠶᠢᠨ ᠂ ᠠᠶᠤᠯ ᠳᠤ ᠲᠤᠯᠭᠠᠷᠠᠭᠰᠠᠨ ᠦᠶᠡᠰ ᠰᠠᠭᠠᠳ ᠪᠤᠯᠬᠤ ᠲᠤᠬᠢᠶᠠᠯᠳᠦᠯ ᠲᠠᠢ᠃ ᠬᠡᠥᠬᠡᠳ ᠨᠠᠰᠤᠲᠠᠶᠢᠴᠦᠤᠯ ᠪᠦᠷᠢ ᠳᠤ ᠬᠡᠷ ᠪᠦᠯᠢ ᠶᠢᠨ ᠭᠠᠯ ᠤᠨ ᠠᠮᠤᠷ ᠲᠦᠪᠰᠢᠨ ᠤ ᠰᠠᠨᠠᠭᠤᠯᠤᠮᠵᠢ ᠶᠢ ᠢᠯᠡᠭᠦᠬᠡᠨ ᠬᠡᠯᠡᠵᠤ ᠰᠤᠨᠤᠰᠬᠠᠵᠤ᠂ ᠪᠠᠳᠤᠳᠬᠠᠵᠦ ᠠᠪᠬᠤ ᠶᠢ ᠬᠢᠴᠢᠶᠡᠬᠦ ᠬᠡᠷᠡᠭᠳᠡᠢ᠃     ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠠᠪᠠᠯ ᠳᠦᠷᠢᠮᠵᠢᠭᠦᠯᠦᠨ ᠬᠡᠷᠡᠭᠯᠡᠬᠦ ᠭᠡᠷᠡᠭᠳᠠᠢ     ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠭᠠᠯ ᠠᠯᠳᠠᠮᠠᠭᠴᠠ ᠠᠶᠦᠯᠳᠦ ᠴᠢᠨᠠᠷ ᠢᠶᠠᠷ ᠲᠦᠢᠯ ᠤᠨ ᠶᠡᠭᠡ ᠪᠠᠶᠢᠳᠠᠬ ᠠᠴᠠ ᠭᠠᠯ ᠤᠨᠲᠠᠷᠠᠭᠠᠬᠤ ᠠᠩᠬᠢ ᠶᠢᠨ ᠬᠢᠨ ᠤ ᠪᠤᠳᠠᠲᠦ ᠦᠡᠭᠭᠡᠷᠡᠯᠲᠡ ᠠᠴᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠳ᠋ᠢᠶᠠᠨ ‍ᠤᠤᠢ ᠶᠢ᠄ ᠠᠰᠠᠷ ᠤᠨ ᠭᠤᠳᠤᠮᠵᠢ ᠪᠤᠶᠤ ᠭᠡᠷ ᠲᠡᠭᠡᠨ ᠤᠷᠤᠭᠤᠯᠵᠤ ᠴᠡᠨᠡᠭᠯᠡᠵᠤ ᠪᠤᠯᠬᠤ ᠦᠭᠡᠢ︔ ᠤᠲᠠᠰᠦ ᠲᠠᠳᠠᠵᠤ ᠴᠡᠨᠡᠭᠯᠡᠵᠦ ᠪᠤᠯᠬᠤ ᠦᠭᠡᠢ︔ ᠲᠤᠷ᠎ᠠ ᠪᠠᠷ ᠰᠣᠬᠤᠷ ᠪᠠᠯᠠᠶ ᠪᠠᠷ ᠥᠭᠡᠷᠡᠴᠢᠯᠡᠨ ᠤᠭᠰᠠᠷᠠᠵᠤ ᠪᠤᠯᠬᠤ ᠦᠭᠡᠢ︔ ᠡᠳᠦᠷ ᠲᠤᠲᠤᠮ ᠦᠪᠡᠷ ᠢᠶᠠᠨ ᠪᠠᠶᠢᠴᠠᠭᠠᠨ ᠰᠢᠨᠵᠢᠵᠤ ᠪᠠᠶᠢᠬᠤ ᠬᠡᠷᠡᠭᠳᠡᠢ ᠭᠡᠵᠦ ᠤᠨᠴᠠᠭᠠᠶᠢᠯᠠᠨ ᠰᠠᠨᠠᠭᠤᠯᠵᠤ ᠪᠤᠢ᠃     ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠲᠤᠤᠷᠠᠬᠢ ︽ᠭᠤᠷᠪᠠ︾ ᠶᠢ ᠰᠠᠶᠢᠲᠤᠷ ᠰᠠᠬᠢᠬᠤ ᠬᠡᠷᠡᠭᠲᠡᠶ     ᠲᠣᠭᠤᠭᠠᠨ ᠭᠡᠷ ᠢ ᠴᠡᠪᠡᠷᠯᠡᠬᠦ︔ ᠨᠠᠷᠠᠪᠴᠢ ᠶᠢ ᠴᠡᠪᠡᠷᠯᠡᠬᠦ︔ ᠠᠰᠠᠷ ᠤᠨ ᠭᠤᠳᠤᠮᠵᠢ ᠶᠢ ᠴᠡᠪᠡᠷᠯᠡᠬᠦ᠃ ᠵᠤᠤᠬᠠᠨ ᠤ ᠬᠡᠢ ᠶᠢ ᠬᠠᠭᠠᠬᠤ︔ ᠴᠠᠬᠢᠯᠭᠠᠨ ᠤ ᠰᠤᠷᠪᠤᠯᠵᠢ ᠶᠢ ᠬᠠᠭᠠᠬᠤ︔ ᠡᠭᠦᠳᠡ ᠴᠣᠩᠬᠤ ᠶᠢ ᠬᠠᠭᠠᠬᠤ᠃     ᠭᠡᠷ ᠵᠠᠭᠤᠷ᠎ᠠ ᠪᠠᠨ ᠤᠨᠲᠠᠷᠠᠭᠠᠭᠤᠷ ᠲᠣᠬᠢᠷᠠᠭᠤᠯᠬᠤ ᠠᠴᠠ ᠭᠠᠳᠠᠨ᠎ᠠ᠂ ᠬᠤᠷᠴᠠ ᠭᠡᠷᠡᠯᠲᠦ ᠳ᠋ᠢᠶᠠᠨᠪᠠᠷ ᠪᠠ ᠱᠦᠭᠦᠯᠲᠡᠲᠦ ᠮᠠᠶ᠋ᠢᠭ ᠤᠨ ᠠᠮᠢᠰᠬᠤᠭᠤᠷ ᠪᠡᠯᠡᠳᠭᠡᠪᠡᠯ ᠰᠠᠶᠢᠨ᠃ ᠡᠭᠦᠨ ᠠᠴᠠ ᠭᠠᠳᠠᠨ᠎ᠠ᠂ ᠭᠡᠷ ᠲᠡᠭᠡᠨ ᠠᠯᠢ ᠴᠢᠳᠠᠬᠤ ᠪᠠᠷ ᠰᠢᠲᠠᠮᠠᠬᠠᠶ ᠬᠡᠢ ᠯᠡᠪᠡᠷᠡᠬᠦ ᠲᠦᠭᠰᠢᠭᠦᠷᠢ ᠶᠢᠨ ᠲᠤᠬᠢᠶ᠎ᠠ ᠤᠭᠰᠠᠷᠠᠬᠤ ᠪᠠ ᠤᠲᠤᠭ᠎ᠠ ᠶᠢ ᠬᠢᠨᠠᠨ ᠰᠡᠷᠡᠬᠦ ᠲᠦᠭᠰᠢᠭᠦᠷᠢ ᠶᠢᠨ ᠲᠤᠬᠢᠶ᠎ᠠ ᠤᠭᠰᠠᠷᠠᠪᠠᠯ ᠰᠠᠶᠢᠨ᠃ ᠰᠠᠭᠤᠭᠠᠯᠢ ᠠᠷᠠᠳ ᠨᠢᠭᠡᠪᠦᠷᠢ ᠭᠡᠷ ᠤᠨ ᠢᠶᠠᠨ ᠠᠶᠤᠯ ᠠᠴᠠ ᠵᠢᠭᠤᠳᠠᠬᠤ ᠵᠠᠮ ᠢᠶᠠᠨ ᠰᠠᠶᠢᠨ ᠮᠡᠳᠡᠵᠦ᠂ ᠰᠤᠷᠢᠯᠲᠠ ᠪᠤᠯᠪᠠᠰᠤᠷᠠᠯ ᠬᠢᠵᠦ᠂ ᠠᠶᠤᠯ ᠠᠴᠠ ᠵᠢᠭᠤᠳᠠᠬᠤ ᠪᠠᠴᠢᠮ ᠲᠦᠰᠦᠪ ᠲᠤᠭᠲᠠᠭᠠᠬᠤ ᠨᠢ ᠲᠠᠨ ᠢ ᠠᠶᠤᠯ ᠳᠤ ᠲᠤᠯᠭᠠᠷᠠᠭᠰᠠᠨ ᠮᠦᠴᠡ ᠳᠤ ᠪᠤᠲᠠᠳᠦ ᠬᠡᠷᠡᠭᠴᠡᠭᠡᠨ ᠳᠤ ᠬᠦᠷᠬᠦ ᠶᠠᠪᠤᠳᠠᠯ ᠶᠤᠮ᠃     ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠡᠳᠡᠭᠡᠷ ᠨᠠᠷᠢᠨ ᠵᠦᠢᠯᠡᠰ ᠢ ᠠᠩᠬᠠᠷᠪᠠᠯ ᠵᠣᠬᠢᠨ᠎ᠠ     ᠡᠯᠧᠺᠲᠷᠤᠨ ᠪᠦᠲᠦᠭᠡᠭᠳᠡᠬᠦᠨ ᠢ ᠰᠥᠨᠢᠵᠢᠨ ᠴᠡᠨᠡᠭᠯᠡᠵᠤ ᠪᠤᠯᠬᠤ ᠦᠭᠡᠢ︔ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠤᠨ ᠴᠠᠬᠢᠯᠭᠠᠨ ᠤᠲᠠᠰᠤ ᠬᠠᠭᠤᠴᠢᠷᠠᠭᠰᠠᠨ ᠡᠰᠡᠬᠦ᠂ ᠡᠪᠳᠡᠷᠡᠭᠰᠡᠨ ᠵᠡᠷᠭᠡ ᠶᠢ ᠪᠠᠶᠢᠴᠠᠭᠠᠨ᠎ᠠ︔ ᠴᠠᠭ ᠲᠤᠬᠠᠢ ᠳᠤᠨᠢ ᠨᠠᠷᠠᠪᠴᠢ᠂ ᠭᠤᠳᠤᠮᠵᠢ᠂ ᠱᠠᠲᠤᠨ ᠲᠡᠭᠡᠷᠡᠬᠢ ᠶᠠᠭᠤᠮ᠎ᠠ ᠶᠢ ᠬᠤᠷᠢᠶᠠᠵᠤ ᠲᠢᠭᠯᠡᠨ᠎ᠡ︔ ᠲᠣᠭᠲᠠᠮᠠᠯ ᠬᠤᠭᠤᠴᠠᠭ᠎ᠠ ᠲᠠᠢ ᠪᠠᠷ ᠣᠲᠤᠭ᠎ᠠ ᠰᠤᠷᠤᠬᠤ ᠮᠠᠰᠢᠨ ᠤ ᠬᠤᠭᠤᠯᠠᠶ ᠶᠢ ᠴᠡᠪᠡᠷᠯᠡᠨ᠎ᠡ︔ ᠯᠠ᠂ ᠬᠦᠵᠢ ᠠᠰᠠᠭᠠᠬᠤ ᠳᠠᠭᠠᠨ ᠲᠤᠰᠬᠠᠢ ᠲᠠᠯᠪᠢᠭᠤᠷ ᠪᠠᠶᠢᠬᠤ ᠬᠡᠷᠡᠭᠳᠡᠢ︔ ᠭᠡᠷ ᠲᠡᠭᠡᠨ ᠴᠢᠶ᠋ᠢᠦ ᠵᠡᠷᠭᠡ ᠳᠡᠭᠳᠡᠮᠡᠬᠡᠢ ᠴᠢᠨᠠᠷ ᠲᠠᠢ ᠰᠢᠲᠠᠮᠠᠬᠠᠢ ᠳᠡᠯᠪᠡᠷᠡᠮᠡᠲᠡᠭᠡᠢ ᠪᠣᠳᠠᠰ ᠢ ᠲᠠᠯᠪᠢᠵᠤ ᠪᠤᠯᠬᠤ ᠦᠬᠡᠢ︔ ᠣᠷᠣ ᠱᠠᠹᠠ ᠳᠡᠭᠡᠷ᠎ᠡ ᠪᠠᠨ ᠲᠠᠮᠠᠬᠢ ᠲᠠᠳᠠᠬᠤ ᠦᠭᠡᠢ᠂ ᠲᠠᠮᠠᠬᠢᠨ ᠤ ᠶᠤᠵᠤᠭᠤᠷ᠂ ᠴᠦᠳᠤᠩ ᠤᠨ ᠡᠰᠢ ᠶᠢ ᠪᠦᠷᠢᠮᠦᠰᠦᠨ ᠤᠨᠲᠠᠷᠠᠭᠠᠵᠤ ᠬᠠᠶᠠᠬᠤ ᠬᠡᠷᠡᠭᠳᠡᠢ          ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号