ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠭᠠᠵᠠᠷ ᠤᠷᠤᠨ ᠤ ᠨᠡᠷᠡᠳᠤ ᠪᠠᠷᠠᠭ᠎ᠠ ᠪᠠᠨ ᠤᠬᠠᠭᠤᠯᠤᠨ ᠲᠡᠯᠭᠡᠷᠡᠬᠦᠯᠬᠦ ᠠᠵᠢᠯᠯᠠᠭ᠎ᠠ ᠦᠷᠨᠢᠬᠦᠯᠵᠠᠢ
ᠨᠡᠶᠢᠲᠡᠯᠡᠭᠰᠡᠨ ᠴᠠᠭ᠄
2024/4/25
    2024 ᠤᠨ ᠤ ᠲᠡᠯᠡᠬᠡᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠳᠤᠷ ᠬᠦᠷᠴᠤ ᠢᠷᠡᠬᠦ ᠲᠠᠰᠢᠷᠠᠮ ᠢᠶᠠᠷ᠂ 4 ᠰᠠᠷ᠎ᠠ ᠶᠢᠨ 21 ᠤ ᠡᠳᠤᠷ᠂ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠬᠢᠨᠭ᠍ᠭᠠᠨ ᠠᠶᠢᠮᠠᠭ ᠤᠨ ᠸᠠᠨ ᠳ᠋ᠠ ᠠᠭᠤᠳᠠᠮ ᠲᠠᠯᠠᠪᠠᠢ ᠳᠤ ᠭᠤᠥᠯ ᠰᠡᠳᠤᠪᠳᠤ ᠭᠠᠵᠠᠷ ᠤᠷᠤᠨ ᠤ ᠨᠠᠷᠠᠳᠤ ᠪᠠᠷᠠᠭ᠎ᠠ ᠪᠠᠨ ᠤᠬᠠᠭᠤᠯᠤᠨ ᠲᠡᠯᠭᠡᠷᠡᠬᠦᠯᠬᠦ ᠠᠵᠢᠯᠯᠠᠭ᠎ᠠ ᠦᠷᠨᠢᠬᠦᠯᠪᠡ᠃      ᠠᠵᠢᠯᠯᠠᠭᠠᠨ ᠳᠤ᠂ ᠬᠢᠩᠭᠠᠨ ᠠᠶᠢᠮᠠᠭ ᠤᠨ ᠲᠤᠳᠤᠷᠭ᠎ᠠ᠂ ᠶᠢᠨ ᠰᠢᠶᠠᠩ ᠰᠦ ᠶᠢᠨ ᠦᠢᠯᠡᠰ ᠤᠨ ᠴᠠᠭᠠᠨ ᠢᠳᠡᠭᠡᠨ᠂ ᠰᠠᠨ ᠡᡁᠧ ᠲᠤᠳᠤᠷᠭ᠎ᠠ᠂ ᠬᠦᠢᠯᠡᠷ ᠠᠷᠢᠬᠢ᠂ ᠲᠦᠴᠢᠣᠸᠠᠨ ᠤ ᠨᠤᠭᠤᠭᠠᠨ ᠪᠤᠷᠴᠠᠭ᠂ ᠨᠠᠷᠢᠮᠤ᠂ ᠲᠤᠮᠳᠠᠳᠤ ᠬᠤᠰᠢᠭᠤᠨ ᠤ ᠬᠠᠳᠠᠭᠠᠭᠰᠠᠨ ᠪᠤᠷᠴᠠᠭ᠂ ᠵᠠᠯᠠᠶᠢᠳ ᠬᠤᠰᠢᠭᠤᠨ ᠤ ᠦᠬᠡᠷ ᠤᠨ ᠮᠢᠬᠠᠨ ᠤ ᠪᠤᠷᠴᠠ᠂ ︽ᠱᠦᠢ ᠲᠢᠶᠠᠨ ᠼᠦᠨ︾ ᠲᠡᠮᠳᠡᠭᠳᠤ ᠲᠤᠳᠤᠷᠭ᠎ᠠ ᠵᠡᠷᠭᠡ 15 ᠨᠡᠷᠡᠳᠤ ᠪᠠᠷᠠᠭ᠎ᠠ ᠪᠠᠨ ᠲᠠᠶᠢᠰᠠᠨ ᠳᠤ ᠲᠡᠯᠭᠡᠨ ᠦᠵᠡᠬᠦᠯᠵᠤ᠂ ᠲᠠᠨᠢᠯᠴᠠᠭᠤᠯᠭ᠎ᠠ ᠬᠢᠭᠰᠡᠨ ᠪᠠᠶᠢᠨ᠎ᠠ᠃ ᠠᠵᠢᠯᠯᠠᠭᠠᠨ ᠤ ᠲᠤᠮᠳᠠ ᠪᠠᠰᠠ ᠱᠠᠩᠨᠠᠯ ᠤᠨ ᠰᠢᠪᠠᠭ᠎ᠠ ᠰᠤᠭᠤᠯᠬᠤ ᠠᠵᠢᠯᠯᠠᠭ᠎ᠠ ᠦᠷᠨᠢᠬᠦᠯᠵᠤ᠂ ᠱᠠᠩᠨᠠᠯ ᠤᠯᠤᠭᠰᠠᠨ ᠰᠠᠭᠤᠭᠠᠯᠢ ᠠᠷᠠᠳ ᠲᠤ ᠤᠷᠤᠨ ᠨᠤᠳᠤᠭ ᠤᠨ ᠨᠡᠷᠡᠳᠤ ᠪᠠᠷᠠᠭ᠎ᠠ ᠪᠡᠯᠡᠭᠯᠡᠪᠡ᠃ ᠠᠵᠢᠯᠯᠠᠭᠠᠨ ᠤ ᠡᠴᠤᠰ ᠲᠤ ᠲᠤᠬᠠᠢ ᠶᠢᠨ ᠲᠠᠯᠠᠪᠠᠢ ᠳᠤ ᠪᠠᠶᠢᠭᠰᠠᠨ ᠬᠠᠮᠢᠶ᠎ᠠ ᠪᠦᠬᠦᠢ ᠬᠦᠮᠤᠰ ᠸᠠᠨ ᠳ᠋ᠠ ᠠᠭᠤᠳᠠᠮ ᠲᠠᠯᠠᠪᠠᠢ ᠶᠢᠨ ᠭᠠᠳᠠᠨᠠᠬᠢ ᠲᠡᠯᠭᠡᠨ ᠦᠵᠡᠬᠦᠯᠤᠨ ᠬᠤᠳᠠᠯᠳᠤᠵᠤ ᠪᠠᠶᠢᠭᠰᠠᠨ ᠭᠠᠵᠠᠷ ᠤᠷᠤᠨ ᠤ ᠨᠡᠷᠡᠳᠤ ᠪᠠᠷᠠᠭ᠎ᠠ ᠶᠢ ᠲᠤᠭᠤᠷᠢᠨ ᠦᠵᠡᠬᠦ ᠶᠢᠨ ᠬᠠᠮᠳᠤ ᠬᠤᠳᠠᠯᠳᠤᠨ ᠠᠪᠤᠭᠰᠠᠨ ᠪᠠᠶᠢᠨ᠎ᠠ᠃     ᠲᠤᠰ ᠤᠳᠠᠭᠠᠨ ᠤ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ ᠪᠦᠬᠦ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠠᠵᠤ ᠠᠬᠤᠶᠢᠯᠠᠯ᠂ ᠨᠡᠶᠢᠭᠡᠮᠯᠢᠭ ᠤᠨ ᠭᠠᠵᠠᠷ ᠵᠦᠢ ᠶᠢᠨ ᠢᠯᠡᠷᠬᠡᠶᠢᠯᠡᠯᠳᠤ ᠨᠡᠷᠡᠳᠤ ᠲᠡᠮᠳᠡᠭᠳᠤ ᠶᠢᠨ ᠠᠵᠢᠯ ᠢ ᠬᠦᠨᠳᠤᠳᠭᠡᠬᠦ ᠦᠵᠡᠯᠳᠠ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠭᠠᠵᠠᠷ ᠵᠦᠢ ᠶᠢᠨ ᠢᠯᠡᠷᠬᠡᠶᠢᠯᠡᠯᠳᠤ ᠳᠡᠮᠳᠡᠭ ᠤᠨ ᠨᠡᠶᠢᠭᠡᠮ ᠤᠨ ᠲᠠᠨᠢᠯᠳᠠ ᠶᠢ ᠦᠨᠳᠤᠷᠵᠢᠬᠦᠯᠤᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠭᠠᠵᠠᠷ ᠵᠦᠢ ᠶᠢᠨ ᠢᠯᠡᠷᠬᠡᠶᠢᠯᠡᠯᠳᠤ ᠲᠡᠮᠳᠡᠭ ᠢ ᠨᠡᠩ ᠰᠠᠶᠢᠨ ᠠᠰᠢᠭᠯᠠᠨ ᠨᠡᠷᠡᠳᠤ ᠲᠡᠮᠳᠡᠭᠳᠤ ᠶᠢᠨ ᠨᠦᠯᠤᠭᠡᠯᠡᠬᠦ ᠬᠦᠴᠤᠨ ᠪᠠ ᠨᠡᠮᠡᠯᠳᠡ ᠦᠷᠳᠡᠭ ᠢ ᠲᠡᠭᠡᠭᠰᠢᠯᠡᠬᠦᠯᠬᠦ ᠶᠢ ᠵᠤᠷᠢᠪᠠ᠃ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠦᠷᠬᠦᠯᠵᠢᠯᠡᠨ ᠪᠦᠬᠦ ᠠᠶᠢᠮᠠᠭ ᠤᠨ ᠭᠠᠵᠠᠷ ᠵᠦᠢ ᠶᠢᠨ ᠢᠯᠡᠷᠬᠡᠶᠢᠯᠡᠯᠳᠤ ᠲᠡᠮᠳᠡᠭ ᠤᠨ ᠡᠬᠢ ᠪᠠᠶᠠᠯᠢᠭ ᠢ ᠬᠦᠨᠵᠡᠭᠡᠢ ᠠᠭᠤᠳᠠᠯᠯᠠᠵᠤ᠂ ᠰᠠᠶᠢᠳᠤᠷ ᠬᠦᠮᠤᠵᠢᠬᠦᠯᠤᠨ᠂ ᠰᠠᠶᠢᠳᠤᠷ ᠬᠡᠷᠡᠭᠯᠡᠨ᠂ ᠰᠠᠶᠢᠳᠤᠷ ᠬᠠᠮᠠᠭᠠᠯᠠᠵᠤ᠂ ᠡᠬᠢ ᠪᠠᠶᠠᠯᠢᠭ ᠤᠨ ᠲᠠᠪᠠᠭᠤᠯᠢᠭ ᠢ ᠠᠵᠤ ᠦᠢᠯᠡᠰ ᠤᠨ ᠲᠠᠪᠠᠭᠤᠯᠢᠭ᠂ ᠬᠦᠭᠵᠢᠯᠳᠠ ᠶᠢᠨ ᠲᠠᠪᠠᠭᠤᠯᠢᠭ ᠪᠤᠯᠭᠠᠨ ᠬᠤᠪᠢᠷᠠᠭᠤᠯᠤᠨ᠎ᠠ᠃       ︵  ᠴᠤᠯᠮᠤᠨ  ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号