ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/4/26
      ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠᠨᠢᠭᠡ᠂ ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄  ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠠᠷᠠᠳ ᠤᠨ ᠶᠠᠪᠤᠳᠠᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠵᠦ᠂ ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ᠄ ᠣᠨ ᠤ ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ︵ᠬᠤᠶᠠᠷ︶ ᠤᠯᠠᠭᠠᠨᠬᠤᠲᠠ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠶᠢ ᠬᠠᠷᠢᠭᠤᠴᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠨ᠎ᠠ᠃  ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠨᠡᠶᠢᠭᠡᠮ ᠤᠨ ᠠᠪᠤᠷᠠᠨ ᠲᠡᠩᠬᠡᠷᠡᠭᠦᠯᠵᠤ ᠲᠤᠰᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠡᠩᠬᠡᠷᠡᠭᠦᠯᠵᠤ ᠲᠤᠰᠠᠯᠠᠨ ᠠᠰᠠᠷᠠᠵᠤ ᠲᠡᠵᠢᠭᠡᠬᠦ᠂ ᠲᠦᠷ ᠴᠠᠭ ᠠᠪᠤᠷᠠᠨ ᠲᠡᠩᠬᠡᠷᠡᠭᠦᠯᠵᠤ ᠲᠤᠰᠠᠯᠠᠬᠤ᠂ ᠠᠮᠢᠳᠤᠷᠠᠬᠤ ᠶᠢᠨ ᠠᠷᠭ᠎ᠠ ᠦᠭᠡᠢ  ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠠᠪᠤᠷᠠᠨ ᠲᠡᠩᠬᠡᠷᠡᠭᠦᠯᠵᠤ ᠲᠤᠰᠠᠯᠠᠬᠤ ᠠᠵᠢᠯ ᠢ ᠬᠠᠷᠢᠭᠤᠴᠠᠨ᠎ᠠ᠃    ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠎ᠠ᠃       ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ  ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠲᠡᠭᠡᠭᠰᠢ ᠮᠡᠳᠡᠭᠦᠯᠬᠦ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ᠂ ᠬᠠᠮᠢᠶᠠᠷᠬᠤ ᠠᠵᠢᠯ ᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃       ︵ᠳᠣᠯᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃    ︵ᠨᠠᠢᠮᠠ︶ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠱᠠᠯᠠᠪᠳᠠᠭᠤᠯᠤᠨ ᠵᠢᠯᠤᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃     ︵ᠶᠢᠰᠦ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠦᠬᠦᠢ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠡᠩᠬᠡᠷᠡᠭᠦᠯᠵᠤ ᠲᠤᠰᠠᠯᠠᠨ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠥᠳᠡᠭᠡ ᠲᠣᠰᠬᠤᠨ ᠤ ᠭᠡᠷ ᠲᠡᠭᠡᠨ ᠦᠯᠡᠳᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯᠳᠠᠢ ᠬᠡᠤᠭᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃       ︵ᠠᠷᠪᠠᠨ ᠨᠢᠭᠡ︶ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠬᠠᠨᠳᠢᠪᠯᠡᠨ ᠲᠤᠰᠠᠯᠠᠬᠤ ᠠᠵᠢᠯ ᠢ ᠵᠢᠯᠣᠭᠤᠳᠤᠨ᠎ᠠ᠃    ︵ᠠᠷᠪᠠᠨ ᠬᠤᠶᠠᠷ︶ ᠨᠡᠶᠢᠭᠡᠮ ᠤᠨ  ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠪᠣᠯᠣᠨ ᠵᠢᠷᠤᠮᠵᠢᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ   ᠤ ᠪᠠᠶᠢᠭᠤᠯᠤᠯᠲᠠ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡᠨ   ᠤ ᠪᠠᠶᠢᠭᠤᠯᠤᠯᠲᠠ ᠶᠢ ᠠᠬᠢᠭᠤᠯᠤᠨ᠎ᠠ᠃   ︵ᠠᠷᠪᠠᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃    ︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃       ᠠᠷᠠᠳ ᠤᠨ ᠶᠠᠪᠤᠳᠠᠯ ᠤᠨ ᠲᠣᠪᠴᠢᠶ᠎ᠠ ᠨᠢ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠭᠦᠷᠭᠡ  ᠴᠢᠳᠠᠪᠬᠢ ᠪᠠᠨ ᠴᠢᠩᠭᠠᠳᠬᠠᠵᠤ᠂ ᠬᠦᠴᠢᠷᠳᠡᠯᠲᠡᠢ ᠣᠯᠠᠨ ᠲᠦᠮᠡᠨ᠂ ᠥᠨᠥᠴᠢᠨ ᠬᠡᠤᠭᠡᠳ ᠦᠳᠡᠯᠤᠭᠡ ᠨᠠᠰᠤᠳᠠᠨ ᠵᠡᠮᠳᠡᠭ ᠬᠦᠮᠤᠨ  ᠵᠡᠷᠭᠡ ᠪᠠᠭᠤᠷᠠᠶᠢᠴᠤᠤᠯ ᠵᠢᠴᠢ ᠬᠦᠴᠢᠷᠳᠡᠯᠳᠠᠢ ᠬᠡᠤᠭᠡᠳ ᠵᠡᠷᠭᠡ ᠬᠦᠮᠤᠰ ᠲᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠨ᠎ᠠ᠃      ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃       ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠱᠠᠯᠠᠪᠳᠠᠭᠤᠯᠤᠨ ᠵᠢᠯᠤᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠᠭᠠᠢ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号