ᠲᠡᠬᠦᠯᠢᠨ ᠵᠡᠭᠡᠯᠢ ᠶᠢᠨ ᠵᠢᠶᠠᠨ ᠹᠧᠩ ᠨᠡᠶᠢᠭᠡᠮ ᠲᠤᠭᠤᠷᠢᠭ ᠰᠠᠭᠤᠭᠠᠯᠢ ᠠᠷᠠᠳ ᠲᠤ ᠡᠶ᠎ᠡ ᠨᠠᠶᠢᠷᠠᠮᠳᠡᠭᠤ ᠤᠷᠴᠢᠨ ᠬᠠᠩᠭᠠᠪᠠ
ᠨᠡᠶᠢᠲᠡᠯᠡᠭᠰᠡᠨ ᠴᠠᠭ᠄
2024/4/29
   ︵ᠰᠤᠷᠪᠤᠯᠵᠢᠯᠠᠭᠴᠢ ᠴᠤᠯᠮᠤᠨ︶ ᠨᠠᠮ ᠤᠨ ᠪᠠᠶᠢᠭᠤᠯᠤᠯᠳᠠ ᠶᠢᠨ ᠲᠠᠶᠢᠴᠢᠯᠠᠨ ᠲᠠᠭᠠᠭᠤᠯᠬᠤ ᠦᠢᠯᠡᠳᠤᠯ ᠪᠠ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠶᠢ ᠬᠦᠢᠴᠡᠳ ᠪᠠᠳᠠᠷᠠᠭᠤᠯᠵᠤ᠂ ᠬᠤᠪᠢᠰᠬᠠᠯᠳᠤ ᠤᠳᠤᠮᠰᠢᠯ ᠢ ᠤᠯᠠᠮᠵᠢᠯᠠᠨ᠂ ᠺᠠᠳ᠋ᠷ ᠤᠨ ᠡᠩᠨᠡᠭᠡ ᠶᠢᠨ ᠨᠢᠭᠳᠠᠷᠠᠯ ᠤᠨ ᠬᠦᠴᠤᠨ ᠪᠠ ᠲᠦᠪᠯᠡᠷᠡᠯ ᠬᠦᠴᠤᠨ ᠢ ᠴᠢᠩᠭᠠᠳᠬᠠᠬᠤ ᠪᠠᠷ᠂ 4 ᠰᠠᠷ᠎ᠠ ᠶᠢᠨ 23 ᠤ ᠡᠳᠤᠷ᠂ ᠤᠯᠠᠭᠠᠨᠬᠤᠳᠠ ᠶᠢᠨ ᠲᠡᠬᠦᠯᠢᠨ ᠵᠡᠭᠡᠯᠢ ᠶᠢᠨ ᠵᠢᠶᠠᠨ ᠹᠧᠩ ᠨᠡᠶᠢᠭᠡᠮ ᠲᠤᠭᠤᠷᠢᠭ ᠬᠢᠭᠡᠳ ᠦᠪᠤᠷ ᠮᠤᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠬᠤ ᠬᠢᠩᠭᠠᠨ ᠢᠯᠴᠢ ᠴᠠᠬᠢᠯᠭᠠᠨ ᠤ ᠬᠢᠵᠠᠭᠠᠷᠳᠤ ᠺᠤᠮᠫᠠᠨᠢ ᠶᠢᠨ ᠨᠠᠮ ᠤᠨ ᠡᠬᠦᠷ ᠲᠠᠢ ᠬᠠᠮᠳᠤᠷᠠᠨ ︽ᠬᠤᠪᠢᠰᠬᠠᠯ ᠤᠨ ᠲᠤᠷᠠᠰᠤᠮᠵᠢ ᠶᠢ ᠡᠷᠢᠯᠬᠢᠯᠡᠨ · ᠬᠤᠪᠢᠰᠬᠠᠯᠳᠤ ᠵᠤᠷᠢᠭ ᠰᠠᠨᠠᠭ᠎ᠠ ᠶᠢ ᠤᠯᠠᠮᠵᠢᠯᠠᠬᠤ︾ ᠭᠤᠤᠯ ᠰᠡᠳᠤᠪᠳᠤ ᠠᠵᠢᠯᠯᠠᠭ᠎ᠠ ᠦᠷᠨᠢᠬᠦᠯᠵᠠᠢ᠃    ᠠᠵᠢᠯᠯᠠᠭᠠᠨ ᠨᠢ ︽ᠪᠢ ᠲᠤᠮᠳᠠᠳᠤ ᠤᠯᠤᠰ ᠲᠠᠭᠠᠨ ᠬᠠᠶᠢᠷᠠᠳᠠᠢ︾ ᠭᠡᠬᠦ ᠪᠦᠵᠢᠭ ᠤᠨ ᠲᠤᠮᠳᠠ ᠬᠦᠰᠢᠭᠡ ᠪᠠᠨ ᠰᠡᠬᠦᠵᠦ᠂ ᠬᠡᠥᠬᠡᠳ ᠤᠨ ᠴᠡᠴᠡᠷᠯᠢᠭ ᠤᠨ ᠬᠡᠥᠬᠡᠳ ᠠᠴᠠ ︽ᠮᠢᠩᠭᠠᠨ ᠦᠰᠥᠭ ᠤᠨ ᠰᠤᠷᠭᠠᠯ︾ ᠢ ᠤᠶᠠᠩᠭᠠᠯᠠᠬᠤ᠂ ᠲᠡᠬᠦᠯᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠠᠴᠠ ︽ᠤᠷᠳᠤ ᠵᠠᠮ ᠤᠨ ᠠᠶᠠᠨ ᠲᠠᠶᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠠ ᠴᠠᠭ ᠤᠨ ᠤᠷᠳᠤ ᠵᠠᠮ ᠤᠨ ᠠᠶᠠᠨ ᠲᠠᠶᠢᠨ ᠢ ᠰᠠᠶᠢᠳᠤᠷ ᠬᠢᠶ᠎ᠠ︾ ᠭᠡᠬᠦ ᠬᠤᠪᠢᠰᠬᠠᠯᠳᠤ ᠦᠯᠢᠭᠡᠷ ᠶᠠᠷᠢᠬᠤ᠂ ︽ᠡᠪ ᠬᠠᠮᠳᠤ ᠨᠠᠮ ᠢᠶᠠᠨ ᠮᠠᠭᠳᠠᠨ ᠲᠠᠭᠤᠯᠠᠶ᠎ᠠ︾ ᠭᠡᠬᠦ ᠭᠤᠴᠤᠯᠠᠯ ᠲᠠᠭᠤᠤ ᠵᠡᠷᠭᠡ ᠲᠤᠭᠯᠠᠯᠳᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠬᠦᠷᠳᠡᠯ᠎ᠠ᠃ ᠲᠤᠭᠯᠠᠭᠴᠢᠳ ᠠᠴᠠ ᠭᠤᠶᠢᠳᠠ ᠰᠠᠶᠢᠬᠠᠨ ᠤᠷᠠᠨ ᠰᠠᠶᠢᠬᠠᠨ ᠤ ᠲᠤᠭᠯᠠᠯᠳᠠ ᠪᠠᠷ ᠲᠠᠮᠵᠢᠨ ᠨᠠᠮ ᠪᠠ ᠡᠬᠡ ᠤᠯᠤᠰ ᠢᠶᠠᠨ ᠮᠠᠭᠳᠠᠨ ᠲᠠᠭᠤᠯᠠᠵᠤ᠂ ᠨᠠᠮ ᠤᠨ ᠭᠡᠰᠢᠬᠦᠨ ᠤᠯᠠᠨ ᠲᠦᠮᠡᠨ ᠤ ᠨᠠᠮ ᠢᠶᠠᠨ ᠲᠠᠭᠠᠬᠤ ᠵᠤᠷᠢᠭ ᠰᠠᠨᠠᠭ᠎ᠠ ᠪᠠᠨ ᠢᠯᠡᠳᠭᠡᠵᠠᠢ᠃    ᠲᠤᠰ ᠤᠳᠠᠭᠠᠨ ᠤ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠡᠶ᠎ᠡ ᠨᠠᠶᠢᠷᠠᠮᠳᠠᠭᠤ ᠬᠦᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠠᠬᠢᠭᠤᠯᠬᠤ ᠶᠢᠨ ᠬᠠᠮᠳᠤ ᠦᠷᠭᠡᠨ ᠤᠯᠠᠨ ᠨᠠᠮ ᠤᠨ ᠭᠡᠰᠢᠬᠦᠳ ᠤᠨ ᠬᠤᠰᠢᠭᠤᠴᠢ ᠵᠢᠱᠢᠶᠡᠴᠢ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠤᠨ᠂ ᠤᠭ ᠰᠠᠨᠠᠭ᠎ᠠ ᠪᠠᠨ ᠪᠠᠳᠤ ᠰᠠᠬᠢᠵᠤ᠂ ᠡᠷᠴᠢ ᠵᠤᠷᠢᠭ ᠢᠶᠠᠨ ᠬᠦᠪᠴᠢᠯᠡᠨ᠂ ᠨᠡᠩ ᠲᠡᠬᠦᠯᠳᠡᠷ ᠢᠳᠡᠭᠡᠯ ᠵᠤᠷᠢᠭ᠂ ᠪᠤᠳᠠᠳᠠᠢ ᠶᠢ ᠡᠷᠬᠢᠮᠯᠡᠬᠦ ᠤᠪᠤᠷ ᠢᠶᠠᠷ ᠠᠵᠢᠯᠯᠠᠬᠤ ᠤᠷᠮ᠎ᠠ ᠶᠢ ᠨᠢ ᠬᠦᠪᠴᠢᠯᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号