ᠨᠡᠬᠦᠳᠡᠯ ᠤᠨ ᠰᠢᠪᠠᠭᠤᠳ ᠢᠷᠡᠯ᠎ᠡ
ᠨᠡᠶᠢᠲᠡᠯᠡᠭᠰᠡᠨ ᠴᠠᠭ᠄
2024/4/7
     ᠬᠠᠪᠤᠷ ᠪᠣᠯᠬᠤ ᠳᠤ ᠲᠦᠮᠡᠨ ᠪᠣᠳᠠᠰ ᠠᠮᠢᠯᠠᠨ᠂ ᠨᠡᠭᠦᠳᠡᠯ ᠤᠨ ᠰᠢᠪᠠᠭᠤᠳ ᠤᠨ ᠪᠤᠴᠠᠵᠤ ᠢᠷᠡᠬᠦ ᠤᠯᠠᠷᠢᠯ ᠪᠤᠯᠤᠯ᠎ᠠ᠃ ᠤᠶᠢᠷ᠎ᠠ ᠳᠤ᠂ ᠤᠯᠠᠭᠠᠨᠬᠤᠲᠠ ᠶᠢᠨ ᠲᠤᠭᠤᠷ ᠤᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ᠂ ᠵᠠᠭᠤ ᠭᠠᠷᠤᠢ ᠬᠡᠭᠡᠷ᠎ᠡ ᠶᠢᠨ ᠰᠢᠪᠠᠭᠤᠳ ᠡ᠊ᠨᠳᠡ ᠢᠷᠡᠵᠤ᠂ ᠬᠢᠩᠭᠠᠨ ᠤ ᠡᠬᠡ ᠭᠠᠵᠠᠷ ᠲᠤ ᠬᠠᠪᠤᠷ ᠤᠨ ᠠᠭᠤᠷ ᠠᠮᠢᠰᠬᠤᠯ ᠢ ᠠᠪᠴᠢᠷᠠᠵᠠᠢ᠃     ᠡᠨᠡ ᠵᠢᠯ ᠤᠨ 3 ᠰᠠᠷ᠎ᠠ ᠠᠴᠠ ᠨᠠᠭᠠᠰᠢ᠂ ᠤᠯᠠᠭᠠᠨᠬᠤᠲᠠ ᠶᠢᠨ ᠲᠤᠭᠤᠷ ᠤᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠬᠦ ᠲᠠᠰᠤᠭ ᠤᠨ ᠠᠵᠢᠯᠲᠠᠳ ᠬᠠᠯᠪᠠᠭᠠᠳᠤ ᠨᠤᠭᠤᠰᠤ ᠪᠣᠯᠣᠨ ᠦᠪᠦᠭᠳᠤ ᠱᠤᠩᠭᠤᠯ ᠨᠤᠭᠤᠰᠤ ᠶᠢᠨ ᠪᠠᠷ᠎ᠠ ᠶᠢ ᠠᠩᠬ᠎ᠠ ᠤᠳᠠᠭ᠎ᠠ ᠠᠵᠢᠭᠯᠠᠵᠤ ᠣᠯᠪᠠ᠃  ᠡᠨᠡ ᠬᠤᠶᠠᠷ ᠵᠦᠢᠯ ᠤᠨ ᠨᠤᠭᠤᠰᠤ ᠶᠢᠨ ᠲᠦᠷᠦᠯ ᠬᠢᠩᠭᠠᠨ ᠠᠶᠢᠮᠠᠭ ᠲᠤ ᠢᠯᠡᠷᠡᠭᠰᠡᠨ ᠨᠢ ᠨᠤᠭᠤ ᠭᠠᠵᠠᠷ ᠤᠨ ᠴᠡᠴᠡᠷᠯᠢᠭ ᠤᠨ ᠬᠡᠭᠡᠷ᠎ᠡ ᠶᠢᠨ ᠰᠢᠪᠠᠭᠤᠨ ᠤ ᠲᠦᠷᠦᠯ ᠢ ᠨᠡᠮᠡᠭᠳᠡᠬᠦᠯᠦᠭᠰᠡᠨ ᠢᠶᠠᠷ ᠪᠠᠷᠠᠬᠤ ᠦᠭᠡᠢ ᠪᠠᠰᠠ ᠨᠤᠭᠤ ᠭᠠᠵᠠᠷ ᠤᠨ ᠴᠡᠴᠡᠷᠯᠢᠭ ᠤᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠭᠰᠠᠨ ᠢ ᠬᠠᠷᠠᠭᠤᠯᠵᠤ ᠪᠠᠶᠢᠨ᠎ᠠ᠃
                                        ᠬᠠᠨ ᠢᠤᠢ ᠭᠧ   ᠰᠢᠤᠢ ᠮᠢᠩ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号