| ᠵᠠᠩ ᠰᠢᠶᠤᠤ ᠬᠤᠸᠠ ᠪᠤᠯ ᠤᠯᠠᠭᠠᠨᠬᠤᠳᠠ ᠶᠢᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ | ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠠᠰᠤᠭ ᠤᠨ ᠲᠠᠷᠤᠭ᠎ᠠ ᠪᠤᠯᠤᠨ᠎ᠠ᠂ ᠲᠡᠷᠡ ᠨᠠᠷᠢᠨ ᠬᠢᠨᠠᠮᠠᠭᠠᠢ | ᠪᠤᠲᠠᠲᠠᠢ ᠶᠢ ᠡᠷᠬᠢᠮᠯᠡᠬᠦ ᠠᠵᠢᠯ ᠤᠨ ᠤᠪᠤᠷ᠂ ᠰᠢᠷᠭᠠᠭᠤ ᠬᠢᠴᠢᠶᠡᠩᠭᠦᠢ ᠠᠵᠢᠯ ᠤᠨ ᠰᠤᠷᠳᠠᠯ ᠢ ᠪᠠᠷᠢᠮᠲᠠᠯᠠᠨ᠂ | ᠲᠤᠬᠠᠶᠢᠯᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠦᠢᠯᠡᠳᠤᠯᠭᠡᠵᠢᠭᠦᠯᠵᠤ ᠢᠷᠡᠵᠡᠢ᠃ | ᠤᠯᠠᠭᠠᠨᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠷᠬᠠᠭ ᠡᠪᠡᠳᠴᠢᠨ ᠢ | ᠰᠡᠷᠭᠡᠶᠢᠯᠡᠨ ᠡᠵᠡᠮᠳᠡᠬᠦ ᠲᠠᠰᠤᠭ ᠤᠨ ᠠᠯᠪᠠᠨ ᠭᠡᠷ ᠲᠤ᠂ ︽ᠲᠠ ᠡᠨᠡ ᠬᠦ ᠦᠨᠳᠤᠰᠤᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠭᠰᠡᠨ ᠤ ᠳᠠᠷᠠᠭ᠎ᠠ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠲᠤᠬᠠᠢ ᠤᠶᠢᠯᠠᠭᠠᠵᠤ ᠪᠤᠯᠤᠨ᠎ᠠ︾ ᠭᠡᠵᠤ ᠵᠠᠩ ᠰᠢᠶᠣᠣ ᠬᠤᠸᠠ ᠰᠢᠨ᠎ᠠ ᠬᠠᠮᠲᠤ | ᠠᠵᠢᠯᠯᠠᠭᠴᠢ ᠳᠤ ᠪᠠᠨ ᠮᠡᠳᠡᠭᠡ ᠵᠠᠩᠬᠢ ᠶᠢᠨ ᠰᠢᠰᠲ᠋ᠧᠮ ᠢ ᠶᠠᠭᠠᠬᠢᠵᠤ ᠬᠡᠷᠡᠭᠯᠡᠬᠦ ᠲᠤᠬᠠᠢ ᠡᠶᠡᠯᠳᠡᠭ ᠢᠶᠠᠷ ᠵᠢᠭᠠᠨ | ᠵᠢᠯᠤᠭᠤᠳᠴᠤ ᠪᠠᠶᠢᠯ᠎ᠠ᠃ | ︽ᠵᠠᠩ ᠰᠢᠶᠣᠣ ᠬᠤᠸᠠ ᠪᠣᠯ ᠪᠡᠶ᠎ᠡ ᠳᠡᠭᠡᠨ ᠮᠠᠰᠢ ᠴᠢᠩᠭ᠎ᠠ ᠬᠠᠨᠳᠤᠳᠠᠬ ᠪᠤᠯᠪᠠᠴᠤ ᠬᠠᠮᠲᠤ | ᠠᠵᠢᠯᠯᠠᠭᠰᠠᠳ ᠳᠠᠭᠠᠨ ᠮᠠᠰᠢ ᠡᠶᠡᠯᠰᠡᠭ ᠳᠣᠲᠣᠨᠣ ᠪᠠᠶᠢᠳᠠᠬ᠂ ᠲᠡᠭᠦᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠩᠭᠤᠢ ᠴᠢᠳᠠᠪᠤᠷᠢ ᠪᠠ ᠨᠠᠷᠢᠨ ᠬᠢᠨᠠᠮᠠᠭᠠᠢ ᠠᠵᠢᠯᠯᠠᠬᠤ ᠣᠪᠣᠷ ᠨᠢ ᠮᠠᠨ ᠤ ᠰᠤᠷᠤᠯᠴᠠᠬᠤ ᠭᠡᠪ ᠳᠠᠭᠤᠷᠢᠶᠠᠯ | ᠮᠥᠨ︾ ᠭᠡᠵᠤ ᠬᠠᠮᠲᠤ ᠠᠵᠢᠯᠯᠠᠭᠴᠢ ᠸᠠᠩ ᠺᠧ ᠰᠢᠨ ᠰᠤᠷᠪᠤᠯᠵᠢᠯᠠᠭᠴᠢ ᠳᠤ ᠲᠠᠨᠢᠯᠴᠠᠭᠤᠯᠤᠯ᠎ᠠ᠃ | | ᠵᠠᠩ ᠰᠢᠶᠣᠣ ᠬᠤᠸᠠ 2010 ᠤᠨ ᠠᠴᠠ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠭᠠᠷᠳᠠᠨ | ᠬᠢᠭᠰᠡᠨ ᠠᠴᠠ ᠨᠠᠭᠠᠰᠢ᠂ ᠪᠥᠬᠦ ᠬᠤᠲᠠ ᠶᠢᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠬᠦᠨᠳᠦ ᠨᠣᠴᠢᠲᠠᠢ | ᠣᠶᠤᠨ ᠮᠡᠳᠡᠷᠡᠯ ᠤᠨ ᠡᠪᠡᠳᠴᠢᠲᠡᠨ ᠢ ᠬᠠᠮᠢᠶᠠᠷᠤᠨ ᠵᠠᠰᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠬᠦᠯᠬᠦ ᠵᠡᠷᠭᠡ ᠠᠵᠢᠯ ᠤᠨ ᠡᠭᠦᠷᠭᠡ ᠶᠢ ᠡᠷᠡᠰ | ᠰᠢᠭᠤᠷᠬᠠᠢ ᠪᠠᠷ ᠡᠭᠦᠷᠭᠡᠯᠡᠭᠰᠡᠨ ᠪᠠᠶᠢᠨ᠎ᠠ᠃ ᠲᠡᠷᠡ ᠥᠨᠳᠥᠷ ᠪᠠᠷᠢᠮᠵᠢᠶ᠎ᠠ ᠪᠠ ᠴᠢᠩᠭ᠎ᠠ ᠱᠠᠭᠠᠷᠳᠠᠯᠭ᠎ᠠ ᠪᠠᠷ | ᠡᠳᠦᠷ ᠲᠡᠭᠡᠨ ᠬᠥᠳᠡᠭᠡ ᠪᠠᠭᠤᠵᠤ ᠲᠤᠬᠠᠶᠢᠯᠠᠭᠰᠠᠨ ᠠᠵᠢᠯ ᠢ ᠵᠢᠯᠤᠭᠤᠳᠴᠤ᠂ ᠰᠦᠨᠢ ᠳᠠᠭᠠᠨ ᠠᠷᠬᠠᠭ ᠡᠪᠡᠳᠴᠢᠨ ᠢ | ᠰᠡᠷᠭᠡᠶᠢᠯᠡᠨ ᠡᠵᠡᠮᠳᠡᠬᠦ ᠮᠡᠳᠡᠯᠭᠡ ᠮᠡᠷᠭᠡᠵᠢᠯ ᠢ ᠰᠤᠷᠤᠯᠴᠠᠳᠠᠭ᠃ | ᠵᠠᠩ ᠰᠢᠶᠣᠣ ᠬᠤᠸᠠ᠂ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠪᠥᠬᠦ ᠲᠠᠯ᠎ᠠ ᠪᠠᠷ | ᠲᠦᠭᠡᠮᠡᠯᠵᠢᠭᠦᠯᠵᠦ᠂ ᠪᠥᠬᠦ ᠬᠤᠲᠠ ᠶᠢᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ | ᠪᠠᠶᠢᠭᠤᠯᠤᠮᠵᠢ ᠶᠢᠨ ᠪᠣᠯᠪᠠᠰᠤᠷᠠᠯ ᠢ ᠥᠷᠨᠢᠭᠦᠯᠬᠦ ᠶᠠᠪᠤᠴᠠ ᠳᠤ᠂ ᠦᠨᠳᠦᠰᠦᠨ ᠱᠠᠲᠤᠨ ᠤ ᠪᠠᠶᠢᠭᠤᠯᠤᠮᠵᠢ ᠶᠢᠨ | ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠦᠨᠡᠨ ᠰᠡᠳᠭᠢᠯ ᠠᠴᠠ ᠪᠠᠨ ᠤᠯᠠᠮᠵᠢᠯᠠᠨ᠂ ᠪᠥᠬᠦ ᠬᠤᠲᠠ ᠶᠢᠨ | ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ | ᠠᠵᠢᠯ ᠤᠨ ᠳᠤᠮᠳᠠ᠂ ᠵᠠᠩ ᠰᠢᠶᠣᠣ ᠬᠤᠸᠠ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠷᠢᠯᠴᠠᠵᠤ᠂ ᠠᠮᠢᠳᠤᠷᠠᠯ ᠨᠢ ᠬᠦᠴᠢᠷᠳᠡᠯᠲᠡᠢ ᠠᠷᠬᠠᠭ ᠡᠪᠡᠳᠴᠢᠲᠡᠨ ᠳᠤ ᠨᠠᠷᠢᠯᠢᠭ ᠣᠨᠣᠴᠠᠲᠠᠢ ᠪᠠᠷ | ᠡᠷᠡᠭᠦᠯᠵᠢᠭᠦᠯᠬᠦ ᠲᠥᠷᠥᠯ ᠵᠦᠢᠯ ᠢ ᠲᠣᠭᠲᠠᠭᠠᠨ ᠥᠭᠴᠦ᠂ ᠲᠤᠰᠬᠠᠢ ᠡᠮᠴᠢᠯᠡᠭᠡ ᠡᠷᠡᠭᠦᠯᠵᠢᠯ ᠬᠦᠷᠲᠡᠭᠡᠳᠡᠭ᠃ | 2019 ᠣᠨ ᠠᠴᠠ 2023 ᠣᠨ ᠪᠣᠯᠲᠠᠯ᠎ᠠ᠂ ᠵᠠᠩ ᠰᠢᠶᠣᠣ ᠬᠤᠸᠠ ᠡᠯ᠎ᠡ ᠰᠠᠯᠠᠭ᠎ᠠ ᠮᠥᠴᠢᠷ ᠤᠨ ᠬᠢᠨ ᠲᠠᠢ | ᠵᠣᠬᠢᠴᠠᠭᠤᠯᠵᠤ ᠪᠠᠶᠢᠭᠠᠳ ᠠᠮᠢᠳᠤᠷᠠᠯ ᠨᠢ ᠬᠦᠴᠢᠷᠳᠡᠯᠲᠡᠢ 2345 ᠠᠷᠬᠠᠭ ᠡᠪᠡᠳᠴᠢᠲᠡᠨ ᠳᠤ ᠡᠯ᠎ᠡ ᠵᠦᠢᠯ ᠤᠨ | ᠨᠥᠬᠦᠪᠦᠷᠢ ᠶᠢ 68.1 ᠲᠦᠮᠡᠨ ᠲᠥᠭᠦᠷᠢᠭ ᠬᠠᠩᠭᠠᠵᠠᠢ᠃ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠰᠡᠭᠡᠷ ᠢᠷᠡᠭᠰᠡᠨ ᠵᠠᠩ ᠰᠢᠶᠣᠣ ᠬᠤᠸᠠ᠂ ᠥᠪᠡᠷ ᠤᠨ | ᠬᠠᠶᠢᠷᠠᠲᠠᠢ ᠦᠢᠯᠡᠰ ᠢᠶᠠᠨ ᠪᠠᠲᠤ ᠰᠠᠬᠢᠵᠤ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠬᠤ ᠳᠤ ᠢᠳᠡᠪᠬᠢᠲᠡᠢ | ᠠᠵᠢᠯᠯᠠᠨ᠂ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ | ᠬᠤᠭᠤᠴᠠᠭᠠᠨ ᠤ ᠠᠷᠠᠳ ᠲᠦᠮᠡᠨ ᠳᠤ ᠲᠠᠭᠠᠰᠢᠶᠠᠭᠳᠠᠭᠰᠠᠨ ᠡᠮᠴᠢ︾᠂ ︽ᠬᠢᠩᠭᠠᠨ ᠤ ᠰᠢᠯᠢᠳᠡᠭ ᠡᠷᠡᠭᠦᠯ | ᠬᠠᠮᠠᠭᠠᠯᠠᠯ ᠤᠨ ᠴᠢᠳᠠᠪᠤᠷᠢᠲᠠᠨ︾᠂ ︽ᠬᠢᠩᠭᠠᠨ ᠤ ᠰᠠᠶᠢᠨ ᠬᠥᠮᠥᠨ︾ ᠵᠡᠷᠭᠡ ᠤᠯᠠᠨ ᠢᠷᠠᠭᠤ ᠠᠯᠳᠠᠷ ᠤᠨ | ᠴᠣᠯᠠ ᠶᠢ ᠭᠥᠷᠳᠡᠭᠰᠡᠨ ᠪᠠᠶᠢᠨ᠎ᠠ᠃ | ︽ᠪᠢ ᠦᠷᠭᠦᠯᠵᠢᠯᠡᠨ ᠬᠠᠮᠳᠤ ᠠᠵᠢᠯᠯᠠᠭᠰᠠᠳ ᠢᠶᠠᠨ ᠪᠦᠯᠬᠦᠮᠳᠡᠭᠦᠯᠦᠨ ᠳᠠᠭᠠᠭᠤᠯᠵᠤ᠂ ᠪᠥᠬᠦ ᠬᠤᠲᠠ ᠶᠢᠨ | ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠵᠢᠯᠣᠭᠤᠳᠤᠯᠭ᠎ᠠ | ᠵᠢᠴᠢ ᠡᠷᠡᠭᠦᠯ ᠮᠡᠨᠳᠦ ᠶᠢᠨ ᠬᠥᠮᠦᠵᠢᠯ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠠᠷᠬᠠᠭ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠰ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ︾ ᠭᠡᠵᠦ ᠵᠠᠩ ᠰᠢᠶᠣᠣ ᠬᠤᠸᠠ ᠢᠳᠡᠭᠡᠯ | ᠲᠡᠭᠦᠯᠳᠡᠷ ᠶᠠᠷᠢᠪᠠ᠃ | · ᠬᠤᠸᠠᠩ ᠸᠠᠨ ᠯᠤ᠋ ᠸᠠᠩ ᠰᠢᠥᠸᠠᠢ · | | |