ᠤᠯᠠᠭᠠᠨᠬᠤᠲᠠ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠭᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/4/8
         ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠠᠵᠤ ᠦᠢᠯᠡᠰ ᠤᠨ ᠪᠦᠲᠦᠴᠡ ᠳᠤ ᠪᠠᠨ ᠳᠤᠬᠢᠷᠠᠭᠤᠯᠤᠯᠳᠠ ᠬᠢᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠥᠨ᠂ ᠰᠢᠷᠣᠢ ᠦᠭᠡᠢ ᠪᠠᠷ ᠲᠠᠷᠢᠬᠤ᠂ ᠬᠦᠪᠦᠷᠡᠯ ᠰᠢᠯᠵᠢᠭᠦᠯᠦᠨ ᠤᠷᠭᠤᠭᠤᠯᠬᠤ ᠵᠡᠷᠭᠡ ᠳᠡᠷᠢᠬᠦᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠵᠢᠭᠡᠨ ᠦᠷᠡᠵᠢᠭᠦᠯᠬᠦ ᠮᠡᠷᠭᠡᠵᠢᠯ ᠪᠠ ᠳᠠᠷᠢᠵᠤ ᠤᠷᠭᠤᠭᠤᠯᠬᠤ ᠮᠡᠷᠭᠡᠵᠢᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠥᠭᠰᠡᠨ ᠢᠶᠠᠷ ᠪᠠᠷᠠᠬᠤ ᠦᠬᠡᠢ᠂ ᠳᠠᠷᠢᠶᠠᠴᠢᠳ ᠲᠤ ᠣᠷᠣᠯᠭ᠎ᠠ ᠪᠠᠨ ᠨᠡᠮᠡᠭᠳᠡᠭᠦᠯᠵᠦ ᠠᠵᠢᠯ ᠤᠯᠬᠤ ᠰᠢᠨ᠎ᠡ ᠠᠷᠭ᠎ᠠ ᠵᠠᠮ ᠢ ᠨᠡᠭᠡᠭᠡᠨ ᠥᠭᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃      ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠥᠨᠳᠥᠷ ᠪᠠᠷᠢᠮᠵᠢᠶᠠᠲᠤ ᠲᠥᠬᠦᠭᠡᠷᠦᠮᠵᠢᠳᠥ ᠲᠠᠷᠢᠶᠠᠯᠠᠩ ᠤᠨ ᠬᠦᠷᠢᠶᠡᠯᠡᠩ ᠳᠤ ᠬᠦᠷᠪᠡᠯ᠂ ᠳᠤᠯᠠᠭᠠᠨ ᠬᠦᠯᠡᠮᠵᠢ ᠶᠢᠨ ᠤᠶᠤᠨᠲᠤ ᠲᠠᠷᠢᠶᠠᠯᠠᠩ ᠤᠨ ᠲᠤᠮᠤ ᠳ᠋ᠠᠶᠢᠲ᠋ᠠ ᠶᠢᠨ ᠲᠠᠪᠴᠠᠩ ᠳᠡᠭᠡᠷ᠎ᠡ ᠬᠦᠯᠡᠮᠵᠢ ᠶᠢᠨ ᠳᠣᠲᠣᠷᠠᠬᠢ ᠡᠯ᠎ᠡ ᠵᠦᠢᠯ ᠤᠨ ᠮᠡᠳᠡᠭᠡ ᠵᠠᠩᠭᠢ ᠶᠢ ᠴᠠᠭ ᠢᠮᠠᠭᠲᠠ ᠢᠯᠡᠷᠡᠭᠦᠯᠵᠦ ᠪᠠᠶᠢᠳᠠᠭ᠃ ᠮᠥᠷ ᠮᠥᠷ ᠢᠶᠠᠷ ᠵᠢᠭᠳᠡᠷᠡᠨ ᠤᠷᠭᠤᠭᠰᠠᠨ ᠢᠳᠡᠰᠢᠨ ᠨᠣᠭᠤᠭ᠎ᠠ ᠠᠴᠠ ᠰᠢᠨ᠎ᠡ ᠰᠤᠷᠭᠤᠭ ᠰᠠᠶᠢᠬᠠᠨ ᠦᠨᠥᠷ ᠬᠠᠨᠭ᠍ᠬᠤᠯᠵᠤ᠂ ᠳᠤᠯᠠᠭᠠᠨ ᠬᠦᠯᠡᠮᠵᠢ ᠳᠤ ᠠᠮᠢᠵᠢᠷᠠᠯ ᠤᠨ ᠬᠦᠴᠥᠨ ᠢᠶᠠᠷ ᠪᠢᠯᠬᠠᠮ᠎ᠠ᠃ ᠲᠤᠰ ᠳᠤᠯᠠᠭᠠᠨ ᠬᠦᠯᠡᠮᠵᠢ ᠳᠤ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠮᠠᠰᠢᠨ᠂ ᠬᠦᠯᠡᠮᠵᠢ ᠶᠢᠨ ᠳᠤᠯᠠᠭᠠᠨ ᠢ ᠡᠵᠡᠮᠳᠡᠬᠦ ᠲᠦᠬᠦᠭᠡᠷᠥᠮᠵᠢ᠂ ᠬᠦᠷᠥᠰᠥ ᠰᠢᠷᠥᠢ ᠶᠢᠨ ᠴᠢᠬᠢᠭ ᠤᠨ ᠪᠠᠶᠢᠳᠠᠯ ᠢ ᠬᠡᠮᠵᠢᠬᠦ ᠲᠦᠬᠦᠭᠡᠷᠥᠮᠵᠢ ᠵᠡᠷᠭᠡ ᠤᠶᠤᠨᠴᠢᠯᠠᠭᠰᠠᠨ ᠮᠠᠰᠢᠨ ᠲᠦᠬᠦᠭᠡᠷᠥᠮᠵᠢ ᠶᠢ ᠪᠦᠷᠢᠨ ᠳᠤᠬᠢᠷᠠᠭᠤᠯᠵᠤ᠂ ᠲᠠᠷᠢᠶᠠᠯᠠᠩ ᠤᠨ ᠡᠬᠢ ᠪᠠᠶᠠᠯᠢᠭ ᠢ ᠬᠠᠮᠤᠭ ᠶᠡᠭᠡ ᠬᠡᠮᠵᠢᠶ᠎ᠡ ᠪᠠᠷ ᠠᠰᠢᠭᠯᠠᠨ᠂ ᠳᠠᠷᠢᠮᠠᠯ ᠤᠨ ᠵᠥᠢᠯᠡᠰ ᠤᠨ ᠴᠢᠨᠠᠷ ᠰᠠᠶᠢᠲᠠᠶ᠂ ᠥᠨᠳᠥᠷ ᠤᠨᠠᠯᠳᠠ ᠤᠯᠬᠤ ᠳᠤ ᠰᠠᠭᠤᠷᠢ ᠳᠠᠯᠪᠢᠭᠰᠠᠨ ᠪᠠᠶᠢᠨ᠎ᠠ᠃      ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤᠨ ᠤ ᠰᠢᠨ ᠹᠦ᠋ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠳᠤ ᠬᠦᠷᠪᠡᠯ᠂ ᠮᠢᠩᠭ᠎ᠠ ᠭᠠᠷᠤᠢ ᠳᠤᠯᠤᠭᠠᠢ ᠲᠠᠷᠭᠤ ᠬᠦᠴᠦ ᠰᠠᠶᠢᠲᠠᠢ᠂ ᠰᠢᠯᠢᠳᠡᠭ ᠡᠬᠦᠯᠳᠡᠷ ᠤᠨ ᠦᠬᠡᠷ ᠳᠠᠪᠠᠳᠠᠶᠢᠬᠠᠨ ᠢᠳᠡᠰᠢᠯᠡᠵᠤ ᠪᠠᠶᠢᠬᠤ ᠶᠢ ᠤᠯᠵᠤ ᠬᠠᠷᠠᠨ᠎ᠠ᠃ ᠰᠢᠨ ᠹᠦ᠋ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠨᠢ ᠮᠢᠬᠠᠨ ᠦᠬᠡᠷ ᠲᠡᠵᠢᠭᠡᠨ ᠦᠷᠡᠵᠢᠭᠦᠯᠬᠦ ᠶᠠᠰᠤ ᠴᠢᠨᠠᠷ ᠪᠠ ᠨᠡᠷᠡᠲᠦ ᠲᠡᠮᠳᠡᠭ ᠢ ᠡᠭᠦᠳᠬᠦ ᠶᠢ ᠪᠠᠲᠤᠯᠠᠬᠤ ᠶᠢᠨ ᠲᠥᠯᠥᠭᠡ᠂ ᠰᠢᠯᠢᠳᠡᠭ ᠡᠭᠦᠯᠳᠡᠷ ᠤᠨ ᠮᠢᠬᠠᠨ ᠦᠭᠡᠷ ᠢ ᠰᠣᠩᠭᠤᠨ ᠠᠪᠴᠢᠷᠠᠵᠤ᠂ ᠮᠢᠬᠠᠨ ᠦᠬᠡᠷ ᠤᠨ ᠬᠦᠪᠦᠷᠡᠯ ᠢ ᠰᠢᠯᠵᠢᠭᠦᠯᠦᠨ ᠤᠷᠭᠤᠭᠤᠯᠬᠤ ᠮᠡᠷᠭᠡᠵᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠡᠭᠡᠯᠲᠦᠭᠦᠯᠭᠡ ᠬᠢᠬᠦ ᠵᠡᠷᠭᠡ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠢᠬᠠᠨ ᠦᠬᠡᠷ ᠤᠨ ᠠᠵᠤ ᠦᠢᠯᠡᠰ ᠤᠨ ︽ᠲᠤᠭ᠎ᠠ ᠶᠢ ᠪᠠᠳᠤᠯᠠᠬᠤ ᠬᠡᠯᠪᠡᠷᠢ︾ ᠪᠠᠶᠢᠭᠰᠠᠨ ᠠᠴᠠ ︽ᠶᠠᠰᠤ ᠴᠢᠨᠠᠷ ᠢ ᠳᠡᠭᠡᠭᠰᠢᠯᠡᠭᠦᠯᠬᠦ ᠬᠡᠯᠪᠡᠷᠢ︾ ᠳᠠᠰᠢ ᠬᠤᠪᠢᠷᠠᠭᠤᠯᠬᠤ ᠶᠢ ᠳᠥᠯᠭᠢᠨ ᠠᠬᠢᠭᠤᠯᠵᠤ᠂ ᠮᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠪᠡ᠃      ᠰᠢᠨ ᠹᠦ᠋ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠤ ᠳᠠᠷᠤᠭ᠎ᠠ ᠵᠠᠩ ᠴᠢᠩ ᠵᠤ᠋ ᠲᠠᠨᠢᠯᠴᠠᠭᠤᠯᠬᠤ ᠳᠤ ᠪᠠᠨ᠄ ︽ᠣᠳᠣᠬᠠᠨ ᠳᠤ ᠮᠠᠨ ᠤ ᠰᠠᠭᠤᠷᠢᠨ ᠳᠤ ᠮᠢᠬᠠᠨ ᠦᠬᠡᠷ 1000 ᠪᠠᠶᠢᠵᠤ᠂ ᠵᠢᠯ ᠪᠦ᠋ᠷᠢ 500 ᠳᠤᠯᠤᠭᠠᠢ ᠨᠡᠮᠡᠭᠳᠡᠵᠤ ᠪᠤᠢ᠂ ᠲᠦᠩᠯᠢᠶᠣᠤ᠂ ᠤᠯᠠᠭᠠᠨᠬᠠᠳᠠ᠂ ᠬᠠᠷᠠᠮᠥ᠋ᠷᠡᠨ ᠵᠡᠷᠭᠡ ᠭᠠᠵᠠᠷ ᠲᠤ ᠪᠣᠷᠣᠯᠠᠭᠤᠯᠬᠤ ᠶᠢᠨ ᠬᠠᠮᠲᠤ ᠡᠷᠬᠢᠨ ᠲᠣᠭᠤᠷᠢᠨ ᠤ ᠲᠠᠷᠢᠶᠠᠴᠢᠨ ᠡᠷᠦᠬᠡ ᠲᠠᠢ 1500 ᠮᠥ ᠡᠪᠡᠰᠦ ᠪᠣᠷᠳᠣᠭᠠᠨ ᠤ ᠵᠠᠬᠢᠶᠠᠯᠠᠭ᠎ᠠ ᠲᠣᠭᠲᠠᠵᠤ᠂ ᠡᠷᠬᠢᠨ ᠲᠣᠭᠤᠷᠢᠨ ᠤ ᠭᠠᠴᠠᠭ᠎ᠠ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠤ ᠪᠠᠶᠢᠨ᠎ᠠ︾ ᠭᠡᠵᠡᠶ᠃ᠣᠶᠢᠷ᠎ᠠ ᠶᠢᠨ ᠵᠢᠯ ᠤᠳ ᠲᠤ᠂ ᠤᠯᠠᠭᠠᠨᠬᠤᠳᠠ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠤᠷᠢᠬᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠭᠴᠢ ᠬᠦᠴᠥᠨ ᠨᠡᠮᠡᠷᠢᠯᠡᠭᠰᠡᠨ ᠪᠠᠶᠢᠨ᠎ᠠ᠃                              ︵ᠳᠤᠳᠢ   ᠯᠤ᠋ ᠭᠤᠸᠠᠩ ᠯᠢᠨ  ᠴᠧᠨ ᠭᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号