| ︽ᠤᠤᠯ ᠳᠠᠭᠠᠨ ᠲᠤᠬᠠᠶᠢᠯᠠᠭᠰᠠᠨ ᠠᠵᠢᠯ ᠢ ᠬᠦᠢᠴᠡᠳᠭᠡᠬᠦ ᠳᠤ ᠨᠡᠶᠢᠭᠡᠮ ᠤᠨ ᠪᠠᠳᠤᠯᠠᠭ᠎ᠠ ᠶᠢᠨ ᠶᠡᠭᠡ | ᠲᠢᠩᠬᠢᠮ ᠢᠶᠠᠷ ᠲᠤᠰᠬᠠᠶᠢᠯᠠᠨ ᠤᠴᠢᠳᠠᠭ᠂ ᠭᠡᠷ ᠠᠴᠠ ᠪᠠᠰᠠ ᠬᠤᠯᠠ᠃ ᠤᠳᠤᠬᠠᠨ ᠳᠤ ᠦᠨᠡᠬᠡᠷ ᠠᠮᠠᠷᠬᠠᠨ᠂ | ᠠᠰᠠᠷ ᠠᠴᠠ ᠪᠠᠨ ᠪᠠᠭᠤᠪᠠᠯ ᠤᠶᠢᠷᠠᠭᠠᠯᠴᠠᠬᠢ ᠪᠠᠩᠬᠢ ᠳᠤ ᠬᠦᠢᠴᠡᠳᠭᠡᠵᠤ ᠲᠡᠶᠢᠯᠬᠦ ᠪᠤᠯᠵᠠᠢ︾ ᠭᠡᠵᠤ ᠬᠢᠩᠭᠠᠨ | ᠠᠶᠢᠮᠠᠭ ᠤᠨ ᠤᠯᠠᠭᠠᠨᠬᠤᠳᠠ ᠶᠢᠨ ᠱᠧᠩ ᠰᠢ ᠰᠢᠨ ᠴᠧᠩ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠰᠢᠶᠧ ᠵᠢᠩ | ︽ᠨᠡᠶᠢᠭᠡᠮ ᠤᠨ ᠲᠠᠭᠠᠳᠬᠠᠯ ᠢ ᠤᠶᠢᠷ᠎ᠠ ᠬᠠᠪᠢ ᠳᠠᠭᠠᠨ ᠬᠦᠢᠴᠡᠳᠭᠡᠬᠦ︾ ᠦᠢᠯᠡᠴᠢᠯᠡᠭᠡᠨ ᠤ ᠬᠡᠯᠪᠡᠷᠢ ᠳᠤ ᠲᠦᠢᠯ ᠤᠨ | ᠰᠡᠳᠬᠢᠯ ᠬᠠᠨᠤᠮᠵᠢᠳᠠᠢ ᠪᠠᠶᠢᠯ᠎ᠠ᠃ ᠤᠶᠢᠷ᠎ᠠ ᠶᠢᠨ ᠡᠳᠤᠷ᠂ ᠰᠢᠶᠧ ᠵᠢᠩ ᠰᠢᠥᠳᠠᠨ ᠬᠠᠳᠠᠭᠠᠯᠠᠯᠳᠠ ᠶᠢᠨ ᠪᠠᠩᠬᠢ ᠳᠤ | ᠬᠦᠷᠬᠦ ᠳᠤ᠂ ᠪᠠᠩᠬᠢ ᠶᠢᠨ ᠲᠠᠭᠠᠭᠠᠮᠠᠯ ᠠᠴᠠ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠦᠢᠯᠡᠴᠢᠯᠡᠭᠡᠨ ᠤ | ᠴᠤᠩᠬᠤᠪᠴᠢ ᠨᠡᠮᠡᠭᠳᠡᠵᠤ᠂ ᠤᠳᠤᠬᠠᠨ ᠤ ᠤᠯᠠᠨ ᠠᠷᠪᠢᠨ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠢ | ᠪᠦᠷ ᠡ᠊ᠨᠳᠠ ᠬᠦᠢᠴᠡᠳᠭᠡᠵᠤ ᠪᠤᠯᠬᠤ ᠶᠢ ᠲᠠᠨᠢᠯᠴᠠᠭᠤᠯᠪᠠ᠃ ᠤᠷᠴᠢᠮᠬᠠᠨ ᠰᠢᠶᠧ ᠵᠢᠩ ᠶᠠᠭ ᠰᠠᠶ᠋ᠢᠬᠠᠨ ᠰᠢᠨ᠎ᠠ | ᠠᠵᠢᠯ ᠤᠨ ᠪᠠᠶᠢᠷᠢᠨ ᠳᠤ ᠰᠢᠯᠵᠢᠵᠤ᠂ ᠬᠤᠪᠢ ᠬᠦᠮᠤᠨ ᠤ ᠲᠠᠭᠠᠳᠬᠠᠯ ᠳᠤ ᠤᠷᠤᠯᠴᠠᠵᠤ ᠰᠦᠢᠳᠭᠡᠯ ᠲᠤᠰᠢᠶᠠᠭᠰᠠᠨ | ᠭᠡᠷᠡᠴᠢᠯᠡᠯ ᠢ ᠬᠡᠷᠡᠭᠰᠡᠬᠦ ᠲᠤᠯᠠ ᠲᠤᠰ ᠴᠤᠩᠬᠤᠪᠴᠢ ᠳᠤ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠢ | ᠬᠦᠢᠴᠡᠳᠭᠡᠯᠠ᠃ | ᠦᠷᠭᠡᠨ ᠤᠯᠠᠨ ᠰᠠᠭᠤᠭᠠᠯᠢ ᠠᠷᠠᠳ ᠤᠨ ︽ᠤᠶᠢᠷ᠎ᠠ ᠬᠠᠪᠢ ᠳᠠᠭᠠᠨ ᠬᠦᠢᠴᠡᠳᠭᠡᠬᠦ︾ ︽ᠤᠯᠠᠨ ᠴᠡᠭ ᠲᠤ | ᠬᠦᠢᠴᠡᠳᠭᠡᠬᠦ︾ ᠨᠡᠶᠢᠭᠡᠮ ᠤᠨ ᠲᠠᠭᠠᠳᠬᠠᠯ ᠤᠨ ᠠᠵᠢᠯ ᠤᠨ ᠦᠢᠯᠡᠴᠢᠯᠡᠭᠡᠨ ᠤ ᠱᠠᠭᠠᠷᠳᠠᠯᠭ᠎ᠠ ᠶᠢ ᠴᠤᠤᠷᠢᠶᠠᠳᠤᠬᠤ ᠪᠠᠷ | ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ | ᠨᠡᠶᠢᠭᠡᠮ ᠤᠨ ᠲᠠᠭᠠᠳᠬᠠᠯ ᠪᠠ ᠪᠠᠩᠬᠢ ᠬᠠᠮᠳᠤᠷᠠᠯᠴᠠᠬᠤ ᠲᠦᠷᠤᠯ ᠵᠦᠢᠯ ᠢ ᠢᠳᠡᠪᠬᠢᠳᠠᠢ ᠠᠬᠢᠭᠤᠯᠪᠠ᠃ ᠡᠨᠡᠬᠦ ᠰᠢᠨ᠎ᠠ | ᠠᠷᠭ᠎ᠠ ᠠᠪᠴᠠᠯ ᠨᠢ ᠨᠡᠩ ᠤᠯᠠᠨ ᠨᠡᠶᠢᠭᠡᠮ ᠤᠨ ᠲᠠᠭᠠᠳᠬᠠᠯ ᠤᠨ ᠠᠵᠢᠯ ᠢ ᠪᠠᠩᠬᠢ ᠶᠢᠨ ᠦᠨᠳᠤᠰᠤᠨ ᠱᠠᠳᠤᠨ ᠤ | ᠴᠡᠭ ᠲᠤ ᠰᠢᠯᠵᠢᠬᠦᠯᠵᠤ᠂ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ | ᠬᠡᠪᠴᠢᠶ᠎ᠠ ᠶᠢ ᠦᠷᠭᠡᠳᠭᠡᠭᠰᠡᠨ ᠢᠶᠠᠷ ᠪᠠᠷᠠᠬᠤ ᠦᠭᠡᠢ ᠬᠤᠳᠠ ᠶᠢᠨ ᠠᠷᠠᠳ ᠤᠨ ᠠᠵᠢᠯ ᠢ ᠬᠦᠢᠴᠡᠳᠭᠡᠬᠦ ᠴᠠᠭ | ᠬᠤᠭᠤᠴᠠᠭ᠎ᠠ ᠪᠠ ᠵᠠᠢ ᠶᠢ ᠪᠠᠭᠠᠰᠬᠠᠵᠠᠢ᠃ ᠤᠳᠤᠬᠠᠨ ᠳᠤ᠂ ᠤᠯᠠᠭᠠᠨᠬᠤᠳᠠ ᠳᠤ ᠬᠤᠳᠠ ᠶᠢᠨ ᠠᠷᠠᠳ ᠵᠦᠪᠬᠡᠨ 15 | ᠮᠢᠨᠦ᠋ᠲ ᠠᠯᠬᠤᠪᠠᠯ ᠲᠦᠬᠦᠮ ᠲᠦᠳᠠ ᠦᠨᠳᠤᠷ ᠦᠷ᠎ᠠ ᠪᠦᠳᠤᠮᠵᠢᠳᠠᠢ ᠨᠡᠶᠢᠭᠡᠮ ᠤᠨ ᠲᠠᠭᠠᠳᠬᠠᠯ ᠢ ᠬᠦᠢᠴᠡᠳᠭᠡᠬᠦ | ᠦᠢᠯᠡᠴᠢᠯᠡᠭᠡ ᠶᠢ ᠡᠳ᠋ᠯᠡᠵᠤ ᠴᠢᠳᠠᠬᠤ ᠪᠤᠯᠵᠤ᠂ ᠨᠡᠶᠢᠭᠡᠮ ᠤᠨ ᠲᠠᠭᠠᠳᠬᠠᠯ ᠤᠨ ᠭᠡᠷ ᠤᠨ ᠡᠬᠦᠳᠡᠨ ᠳᠤ | ᠦᠢᠯᠡᠴᠢᠯᠡᠬᠦ ᠶᠢ ᠦᠨᠡᠨᠬᠦ ᠪᠠᠶᠡᠯᠡᠬᠦᠯᠪᠠ᠃ | ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ | ᠲᠤᠪᠴᠢᠶ᠎ᠠ ᠨᠢ ᠲᠤᠮᠳᠠᠳᠤ ᠤᠯᠤᠰ ᠤᠨ ᠰᠢᠥᠳᠠᠨ ᠬᠠᠳᠠᠭᠠᠯᠠᠯᠳᠠ ᠶᠢᠨ ᠪᠠᠨᠩᠬᠢ ᠶᠢᠨ ᠬᠢᠩᠭᠠᠨ ᠬᠤᠪᠢᠶᠠᠷᠢ ᠪᠠᠩᠬᠢ ᠪᠠ | ᠤᠯᠠᠭᠠᠨᠬᠤᠳᠠ ᠶᠢᠨ ᠬᠦᠳᠡᠭᠡ ᠲᠤᠰᠬᠤᠨ ᠤ ᠢᠳᠡᠭᠡᠮᠵᠢᠳᠤ ᠬᠤᠷᠰᠢᠶ᠎ᠠ ᠶᠢᠨ ᠦᠨᠳᠤᠰᠤᠨ ᠱᠠᠳᠤᠨ ᠤ ᠴᠡᠭ ᠠᠷᠪᠢᠨ᠂ | ᠬᠠᠮᠤᠷᠤᠭᠰᠠᠨ ᠬᠡᠪᠴᠢᠶ᠎ᠠ ᠦᠷᠭᠡᠨ ᠵᠡᠷᠭᠡ ᠲᠠᠪᠠᠭᠤᠯᠢᠭ ᠢ ᠬᠦᠢᠴᠡᠳ ᠠᠰᠢᠭᠯᠠᠨ᠂ ᠬᠤᠶᠠᠷ ᠪᠠᠩᠬᠢ ᠲᠠᠢ ᠬᠠᠮᠳᠤᠷᠠᠨ | ︽ᠨᠡᠶᠢᠭᠡᠮ ᠤᠨ ᠲᠠᠭᠠᠳᠬᠠᠯ ᠪᠠᠩᠬᠢ ᠨᠢᠭᠡ ᠴᠤᠭᠴᠠᠵᠢᠭᠰᠠᠨ︾ ᠠᠵᠢᠯᠯᠠᠭ᠎ᠠ ᠶᠢ ᠦᠷᠨᠢᠬᠦᠯᠪᠡ᠃ ᠬᠠᠮᠳᠤᠷᠠᠭᠰᠠᠨ | ᠴᠡᠭ ᠤᠨ ᠤᠷᠤᠯᠠᠨ ᠬᠦᠢᠴᠡᠳᠭᠡᠬᠦ ᠬᠡᠷᠡᠭ ᠤᠨ ᠲᠦᠷᠤᠯ ᠵᠦᠢᠯ ᠤᠨ ᠲᠠᠩᠰᠠ᠂ ︽ᠨᠡᠶᠢᠭᠡᠮ ᠤᠨ ᠲᠠᠭᠠᠳᠬᠠᠯ ᠤᠨ | ᠦᠢᠯᠡᠴᠢᠯᠡᠭᠡᠨ ᠤ ᠴᠤᠩᠬᠤᠪᠴᠢ︾ ᠶᠢ ᠡᠬᠦᠳᠬᠦ᠂ ︽ᠨᠡᠶᠢᠭᠡᠮ ᠤᠨ ᠲᠠᠭᠠᠳᠬᠠᠯ ᠪᠠᠩᠬᠢ ᠨᠢᠭᠡ ᠴᠤᠭᠴᠠᠵᠢᠭᠰᠠᠨ︾ | ᠦᠢᠯᠡᠴᠢᠯᠡᠭᠡᠨ ᠤ ᠪᠤᠯᠪᠠᠰᠤᠷᠠᠯ ᠵᠡᠷᠭᠡ ᠶᠢ ᠲᠤᠭᠳᠠᠭᠠᠬᠤ ᠪᠠᠷ ᠲᠠᠮᠵᠢᠨ᠂ ᠨᠡᠶᠢᠭᠡᠮ ᠤᠨ ᠲᠠᠭᠠᠳᠬᠠᠯ ᠤᠨ | ᠦᠢᠯᠡᠴᠢᠯᠡᠭᠡ ᠶᠢ ᠪᠠᠩᠬᠢ ᠳᠤ ᠤᠷᠤᠭᠤᠯᠪᠠ᠃ ᠤᠳᠤᠬᠠᠨ ᠳᠤ᠂ ᠪᠦᠬᠦ ᠬᠤᠳᠠ ᠳᠤ ᠨᠡᠶᠢᠳᠠ ︽ᠨᠡᠶᠢᠭᠡᠮ ᠤᠨ | ᠲᠠᠭᠠᠳᠬᠠᠯ ᠤᠨ ᠲᠤᠬᠠᠶᠢᠯᠠᠭᠰᠠᠨ ᠠᠵᠢᠯ ᠢ ᠤᠶᠢᠷ᠎ᠠ ᠬᠠᠪᠢ ᠳᠠᠭᠠᠨ ᠬᠦᠢᠴᠡᠳᠭᠡᠬᠦ︾ ᠦᠢᠯᠡᠴᠢᠯᠡᠭᠡᠨ ᠤ ᠴᠡᠭ ᠢ | 32 ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠤᠷᠠᠭ ᠵᠠᠩᠬᠢ ᠶᠢᠨ ᠠᠰᠠᠭᠤᠨ ᠯᠠᠪᠯᠠᠬᠤ᠂ ᠨᠠᠰᠤᠵᠢᠯ ᠤᠨ | ᠲᠠᠭᠠᠳᠬᠠᠯ ᠤᠨ ᠬᠦᠷᠳᠡᠮᠵᠢ ᠶᠢᠨ ᠬᠢᠷᠢ ᠭᠡᠮ ᠢ ᠭᠡᠷᠡᠴᠢᠯᠡᠬᠦ᠂ ᠲᠠᠭᠠᠳᠬᠠᠯ ᠤᠨ ᠮᠦᠩᠬᠦ ᠪᠠᠨ ᠵᠠᠯᠭᠠᠵᠤ ᠲᠤᠰᠢᠶᠠᠬᠤ | ᠵᠡᠷᠭᠡ 26 ᠲᠦᠷᠤᠯ ᠤᠨ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠢ ᠬᠦᠢᠴᠡᠳᠭᠡᠵᠤ ᠪᠤᠯᠤᠨ᠎ᠠ᠃ | ︵ᠴᠤᠯᠮᠤᠨ ᠶᠦᠨ ᠴᠢ︶ | | |