ᠨᠡᠶᠢᠭᠡᠮ ᠤᠨ ᠲᠠᠭᠠᠳᠬᠠᠯ ᠤᠨ ᠦᠢᠯᠡᠴᠢᠯᠡᠭᠡᠨ ᠤ ᠴᠡᠭ ᠢ 32 ᠪᠠᠶᠢᠭᠤᠯᠤᠭᠰᠠᠨ ᠤᠯᠠᠭᠠᠨᠬᠤᠳᠠ
ᠨᠡᠶᠢᠲᠡᠯᠡᠭᠰᠡᠨ ᠴᠠᠭ᠄
2024/4/8
     ︽ᠤᠤᠯ ᠳᠠᠭᠠᠨ ᠲᠤᠬᠠᠶᠢᠯᠠᠭᠰᠠᠨ ᠠᠵᠢᠯ ᠢ ᠬᠦᠢᠴᠡᠳᠭᠡᠬᠦ ᠳᠤ ᠨᠡᠶᠢᠭᠡᠮ ᠤᠨ ᠪᠠᠳᠤᠯᠠᠭ᠎ᠠ ᠶᠢᠨ ᠶᠡᠭᠡ ᠲᠢᠩᠬᠢᠮ ᠢᠶᠠᠷ ᠲᠤᠰᠬᠠᠶᠢᠯᠠᠨ ᠤᠴᠢᠳᠠᠭ᠂ ᠭᠡᠷ ᠠᠴᠠ ᠪᠠᠰᠠ ᠬᠤᠯᠠ᠃ ᠤᠳᠤᠬᠠᠨ ᠳᠤ ᠦᠨᠡᠬᠡᠷ ᠠᠮᠠᠷᠬᠠᠨ᠂ ᠠᠰᠠᠷ ᠠᠴᠠ ᠪᠠᠨ ᠪᠠᠭᠤᠪᠠᠯ ᠤᠶᠢᠷᠠᠭᠠᠯᠴᠠᠬᠢ ᠪᠠᠩᠬᠢ ᠳᠤ ᠬᠦᠢᠴᠡᠳᠭᠡᠵᠤ ᠲᠡᠶᠢᠯᠬᠦ ᠪᠤᠯᠵᠠᠢ︾ ᠭᠡᠵᠤ ᠬᠢᠩᠭᠠᠨ ᠠᠶᠢᠮᠠᠭ ᠤᠨ ᠤᠯᠠᠭᠠᠨᠬᠤᠳᠠ ᠶᠢᠨ ᠱᠧᠩ ᠰᠢ ᠰᠢᠨ ᠴᠧᠩ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠰᠢᠶᠧ ᠵᠢᠩ ︽ᠨᠡᠶᠢᠭᠡᠮ ᠤᠨ ᠲᠠᠭᠠᠳᠬᠠᠯ ᠢ ᠤᠶᠢᠷ᠎ᠠ ᠬᠠᠪᠢ ᠳᠠᠭᠠᠨ ᠬᠦᠢᠴᠡᠳᠭᠡᠬᠦ︾ ᠦᠢᠯᠡᠴᠢᠯᠡᠭᠡᠨ ᠤ ᠬᠡᠯᠪᠡᠷᠢ ᠳᠤ ᠲᠦᠢᠯ ᠤᠨ ᠰᠡᠳᠬᠢᠯ ᠬᠠᠨᠤᠮᠵᠢᠳᠠᠢ ᠪᠠᠶᠢᠯ᠎ᠠ᠃ ᠤᠶᠢᠷ᠎ᠠ ᠶᠢᠨ ᠡᠳᠤᠷ᠂ ᠰᠢᠶᠧ ᠵᠢᠩ ᠰᠢᠥᠳᠠᠨ ᠬᠠᠳᠠᠭᠠᠯᠠᠯᠳᠠ ᠶᠢᠨ ᠪᠠᠩᠬᠢ ᠳᠤ ᠬᠦᠷᠬᠦ ᠳᠤ᠂ ᠪᠠᠩᠬᠢ ᠶᠢᠨ ᠲᠠᠭᠠᠭᠠᠮᠠᠯ ᠠᠴᠠ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠦᠢᠯᠡᠴᠢᠯᠡᠭᠡᠨ ᠤ ᠴᠤᠩᠬᠤᠪᠴᠢ ᠨᠡᠮᠡᠭᠳᠡᠵᠤ᠂ ᠤᠳᠤᠬᠠᠨ ᠤ ᠤᠯᠠᠨ ᠠᠷᠪᠢᠨ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠢ ᠪᠦᠷ ᠡ᠊ᠨᠳᠠ ᠬᠦᠢᠴᠡᠳᠭᠡᠵᠤ ᠪᠤᠯᠬᠤ ᠶᠢ ᠲᠠᠨᠢᠯᠴᠠᠭᠤᠯᠪᠠ᠃ ᠤᠷᠴᠢᠮᠬᠠᠨ ᠰᠢᠶᠧ ᠵᠢᠩ ᠶᠠᠭ ᠰᠠᠶ᠋ᠢᠬᠠᠨ ᠰᠢᠨ᠎ᠠ ᠠᠵᠢᠯ ᠤᠨ ᠪᠠᠶᠢᠷᠢᠨ ᠳᠤ ᠰᠢᠯᠵᠢᠵᠤ᠂ ᠬᠤᠪᠢ ᠬᠦᠮᠤᠨ ᠤ ᠲᠠᠭᠠᠳᠬᠠᠯ ᠳᠤ ᠤᠷᠤᠯᠴᠠᠵᠤ ᠰᠦᠢᠳᠭᠡᠯ ᠲᠤᠰᠢᠶᠠᠭᠰᠠᠨ ᠭᠡᠷᠡᠴᠢᠯᠡᠯ ᠢ ᠬᠡᠷᠡᠭᠰᠡᠬᠦ ᠲᠤᠯᠠ ᠲᠤᠰ ᠴᠤᠩᠬᠤᠪᠴᠢ ᠳᠤ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠢ ᠬᠦᠢᠴᠡᠳᠭᠡᠯ᠎ᠠ᠃      ᠦᠷᠭᠡᠨ ᠤᠯᠠᠨ ᠰᠠᠭᠤᠭᠠᠯᠢ ᠠᠷᠠᠳ ᠤᠨ ︽ᠤᠶᠢᠷ᠎ᠠ ᠬᠠᠪᠢ ᠳᠠᠭᠠᠨ ᠬᠦᠢᠴᠡᠳᠭᠡᠬᠦ︾ ︽ᠤᠯᠠᠨ ᠴᠡᠭ ᠲᠤ ᠬᠦᠢᠴᠡᠳᠭᠡᠬᠦ︾ ᠨᠡᠶᠢᠭᠡᠮ ᠤᠨ ᠲᠠᠭᠠᠳᠬᠠᠯ ᠤᠨ ᠠᠵᠢᠯ ᠤᠨ ᠦᠢᠯᠡᠴᠢᠯᠡᠭᠡᠨ ᠤ ᠱᠠᠭᠠᠷᠳᠠᠯᠭ᠎ᠠ ᠶᠢ ᠴᠤᠤᠷᠢᠶᠠᠳᠤᠬᠤ ᠪᠠᠷ ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠨᠡᠶᠢᠭᠡᠮ ᠤᠨ ᠲᠠᠭᠠᠳᠬᠠᠯ ᠪᠠ ᠪᠠᠩᠬᠢ ᠬᠠᠮᠳᠤᠷᠠᠯᠴᠠᠬᠤ ᠲᠦᠷᠤᠯ ᠵᠦᠢᠯ ᠢ ᠢᠳᠡᠪᠬᠢᠳᠠᠢ ᠠᠬᠢᠭᠤᠯᠪᠠ᠃ ᠡᠨᠡᠬᠦ ᠰᠢᠨ᠎ᠠ ᠠᠷᠭ᠎ᠠ ᠠᠪᠴᠠᠯ ᠨᠢ ᠨᠡᠩ ᠤᠯᠠᠨ ᠨᠡᠶᠢᠭᠡᠮ ᠤᠨ ᠲᠠᠭᠠᠳᠬᠠᠯ ᠤᠨ ᠠᠵᠢᠯ ᠢ ᠪᠠᠩᠬᠢ ᠶᠢᠨ ᠦᠨᠳᠤᠰᠤᠨ ᠱᠠᠳᠤᠨ ᠤ ᠴᠡᠭ ᠲᠤ ᠰᠢᠯᠵᠢᠬᠦᠯᠵᠤ᠂ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠬᠡᠪᠴᠢᠶ᠎ᠠ ᠶᠢ ᠦᠷᠭᠡᠳᠭᠡᠭᠰᠡᠨ ᠢᠶᠠᠷ ᠪᠠᠷᠠᠬᠤ ᠦᠭᠡᠢ ᠬᠤᠳᠠ ᠶᠢᠨ ᠠᠷᠠᠳ ᠤᠨ ᠠᠵᠢᠯ ᠢ ᠬᠦᠢᠴᠡᠳᠭᠡᠬᠦ ᠴᠠᠭ ᠬᠤᠭᠤᠴᠠᠭ᠎ᠠ ᠪᠠ ᠵᠠᠢ ᠶᠢ ᠪᠠᠭᠠᠰᠬᠠᠵᠠᠢ᠃ ᠤᠳᠤᠬᠠᠨ ᠳᠤ᠂ ᠤᠯᠠᠭᠠᠨᠬᠤᠳᠠ ᠳᠤ ᠬᠤᠳᠠ ᠶᠢᠨ ᠠᠷᠠᠳ ᠵᠦᠪᠬᠡᠨ 15 ᠮᠢᠨᠦ᠋ᠲ ᠠᠯᠬᠤᠪᠠᠯ ᠲᠦᠬᠦᠮ ᠲᠦᠳᠠ ᠦᠨᠳᠤᠷ ᠦᠷ᠎ᠠ ᠪᠦᠳᠤᠮᠵᠢᠳᠠᠢ ᠨᠡᠶᠢᠭᠡᠮ ᠤᠨ ᠲᠠᠭᠠᠳᠬᠠᠯ ᠢ ᠬᠦᠢᠴᠡᠳᠭᠡᠬᠦ ᠦᠢᠯᠡᠴᠢᠯᠡᠭᠡ ᠶᠢ ᠡᠳ᠋ᠯᠡᠵᠤ ᠴᠢᠳᠠᠬᠤ ᠪᠤᠯᠵᠤ᠂ ᠨᠡᠶᠢᠭᠡᠮ ᠤᠨ ᠲᠠᠭᠠᠳᠬᠠᠯ ᠤᠨ ᠭᠡᠷ ᠤᠨ ᠡᠬᠦᠳᠡᠨ ᠳᠤ ᠦᠢᠯᠡᠴᠢᠯᠡᠬᠦ ᠶᠢ ᠦᠨᠡᠨᠬᠦ ᠪᠠᠶᠡᠯᠡᠬᠦᠯᠪᠠ᠃      ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠨᠢ ᠲᠤᠮᠳᠠᠳᠤ ᠤᠯᠤᠰ ᠤᠨ ᠰᠢᠥᠳᠠᠨ ᠬᠠᠳᠠᠭᠠᠯᠠᠯᠳᠠ ᠶᠢᠨ ᠪᠠᠨᠩᠬᠢ ᠶᠢᠨ ᠬᠢᠩᠭᠠᠨ ᠬᠤᠪᠢᠶᠠᠷᠢ ᠪᠠᠩᠬᠢ ᠪᠠ ᠤᠯᠠᠭᠠᠨᠬᠤᠳᠠ ᠶᠢᠨ ᠬᠦᠳᠡᠭᠡ ᠲᠤᠰᠬᠤᠨ ᠤ ᠢᠳᠡᠭᠡᠮᠵᠢᠳᠤ ᠬᠤᠷᠰᠢᠶ᠎ᠠ ᠶᠢᠨ ᠦᠨᠳᠤᠰᠤᠨ ᠱᠠᠳᠤᠨ ᠤ ᠴᠡᠭ ᠠᠷᠪᠢᠨ᠂ ᠬᠠᠮᠤᠷᠤᠭᠰᠠᠨ ᠬᠡᠪᠴᠢᠶ᠎ᠠ ᠦᠷᠭᠡᠨ ᠵᠡᠷᠭᠡ ᠲᠠᠪᠠᠭᠤᠯᠢᠭ ᠢ ᠬᠦᠢᠴᠡᠳ ᠠᠰᠢᠭᠯᠠᠨ᠂ ᠬᠤᠶᠠᠷ ᠪᠠᠩᠬᠢ ᠲᠠᠢ ᠬᠠᠮᠳᠤᠷᠠᠨ ︽ᠨᠡᠶᠢᠭᠡᠮ ᠤᠨ ᠲᠠᠭᠠᠳᠬᠠᠯ ᠪᠠᠩᠬᠢ ᠨᠢᠭᠡ ᠴᠤᠭᠴᠠᠵᠢᠭᠰᠠᠨ︾ ᠠᠵᠢᠯᠯᠠᠭ᠎ᠠ ᠶᠢ ᠦᠷᠨᠢᠬᠦᠯᠪᠡ᠃ ᠬᠠᠮᠳᠤᠷᠠᠭᠰᠠᠨ ᠴᠡᠭ ᠤᠨ ᠤᠷᠤᠯᠠᠨ ᠬᠦᠢᠴᠡᠳᠭᠡᠬᠦ ᠬᠡᠷᠡᠭ ᠤᠨ ᠲᠦᠷᠤᠯ ᠵᠦᠢᠯ ᠤᠨ ᠲᠠᠩᠰᠠ᠂ ︽ᠨᠡᠶᠢᠭᠡᠮ ᠤᠨ ᠲᠠᠭᠠᠳᠬᠠᠯ ᠤᠨ ᠦᠢᠯᠡᠴᠢᠯᠡᠭᠡᠨ ᠤ ᠴᠤᠩᠬᠤᠪᠴᠢ︾ ᠶᠢ ᠡᠬᠦᠳᠬᠦ᠂ ︽ᠨᠡᠶᠢᠭᠡᠮ ᠤᠨ ᠲᠠᠭᠠᠳᠬᠠᠯ ᠪᠠᠩᠬᠢ ᠨᠢᠭᠡ ᠴᠤᠭᠴᠠᠵᠢᠭᠰᠠᠨ︾ ᠦᠢᠯᠡᠴᠢᠯᠡᠭᠡᠨ ᠤ ᠪᠤᠯᠪᠠᠰᠤᠷᠠᠯ ᠵᠡᠷᠭᠡ ᠶᠢ ᠲᠤᠭᠳᠠᠭᠠᠬᠤ ᠪᠠᠷ ᠲᠠᠮᠵᠢᠨ᠂ ᠨᠡᠶᠢᠭᠡᠮ ᠤᠨ ᠲᠠᠭᠠᠳᠬᠠᠯ ᠤᠨ ᠦᠢᠯᠡᠴᠢᠯᠡᠭᠡ ᠶᠢ ᠪᠠᠩᠬᠢ ᠳᠤ ᠤᠷᠤᠭᠤᠯᠪᠠ᠃ ᠤᠳᠤᠬᠠᠨ ᠳᠤ᠂ ᠪᠦᠬᠦ ᠬᠤᠳᠠ ᠳᠤ ᠨᠡᠶᠢᠳᠠ ︽ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠢ ᠤᠶᠢᠷ᠎ᠠ ᠬᠠᠪᠢ ᠳᠠᠭᠠᠨ ᠬᠦᠢᠴᠡᠳᠭᠡᠬᠦ︾ ᠦᠢᠯᠡᠴᠢᠯᠡᠭᠡᠨ ᠤ ᠴᠡᠭ   ᠢ 32 ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠤᠷᠠᠭ ᠵᠠᠩᠬᠢ ᠶᠢᠨ ᠠᠰᠠᠭᠤᠨ ᠯᠠᠪᠯᠠᠬᠤ᠂ ᠨᠠᠰᠤᠵᠢᠯ ᠤᠨ ᠲᠠᠭᠠᠳᠬᠠᠯ ᠤᠨ ᠬᠦᠷᠳᠡᠮᠵᠢ ᠶᠢᠨ ᠬᠢᠷᠢ ᠭᠡᠮ ᠢ ᠭᠡᠷᠡᠴᠢᠯᠡᠬᠦ᠂ ᠲᠠᠭᠠᠳᠬᠠᠯ ᠤᠨ ᠮᠦᠩᠬᠦ ᠪᠠᠨ ᠵᠠᠯᠭᠠᠵᠤ ᠲᠤᠰᠢᠶᠠᠬᠤ ᠵᠡᠷᠭᠡ 26 ᠲᠦᠷᠤᠯ ᠤᠨ ᠨᠡᠶᠢᠭᠡᠮ ᠤᠨ ᠲᠠᠭᠠᠳᠬᠠᠯ ᠤᠨ ᠲᠤᠬᠠᠶᠢᠯᠠᠭᠰᠠᠨ ᠠᠵᠢᠯ ᠢ ᠬᠦᠢᠴᠡᠳᠭᠡᠵᠤ ᠪᠤᠯᠤᠨ᠎ᠠ᠃                                                            ︵ᠴᠤᠯᠮᠤᠨ   ᠶᠦᠨ ᠴᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号