ᠬᠤᠪᠢᠰᠬᠠᠯᠳᠤ ᠬᠥᠮᠦᠵᠢᠯ ᠢᠶᠠᠷ ᠤᠯᠠᠨ ᠤ ᠰᠡᠳᠭᠢᠯ ᠢ ᠨᠢᠭᠳᠠᠷᠠᠭᠤᠯᠤᠨ᠎ᠠ
ᠨᠡᠶᠢᠲᠡᠯᠡᠭᠰᠡᠨ ᠴᠠᠭ᠄
2024/4/9
                                                 ᠭᠤᠣ ᠮᠢᠨ ᠨᠠ᠂ ᠴᠧᠨ ᠶᠠᠨ ᠷᠦᠩ      ︽ᠲᠠᠪᠤ᠂ ᠳᠥᠷᠪᠡ᠂ ᠭᠤᠷᠪᠠ᠂ ᠬᠤᠶᠠᠷ᠂ ᠨᠢᠭᠡ᠂ ᠡᠬᠢᠯᠡᠯ᠎ᠡ︕︾ ᠤᠶᠢᠷ᠎ᠠ ᠳᠤ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠾᠧ ᠫᠢᠩ ᠵᠡᠭᠡᠯᠢ ᠶᠢᠨ 2024 ᠣᠨ ᠤ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠭᠠᠨ ᠵᠢᠩᠬᠢᠨᠢ ᠪᠠᠷ ᠡᠬᠢᠯᠡᠪᠡ᠃      ᠢᠷᠠᠭᠤ ᠤᠶᠠᠩᠭᠠᠯᠢᠭ ᠬᠥᠭᠵᠢᠮ ᠤᠨ ᠠᠶᠠᠰ ᠢ ᠳᠠᠭᠠᠯᠳᠤᠨ᠂ ᠡᠯ᠎ᠡ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠦᠭᠰᠡᠨ ᠰᠠᠭᠤᠭᠠᠯᠢ ᠠᠷᠠᠳ ᠬᠦᠭᠡᠷᠦᠯᠳᠦᠨ ᠪᠥᠵᠢᠭᠯᠡᠵᠦ᠂ ᠦᠨᠳᠦᠰᠦᠲᠡᠨ ᠤ ᠣᠨᠴᠠᠯᠢᠭᠲᠤ ᠬᠦᠭᠵᠢᠮ ᠤᠨ ᠢᠷᠠᠭᠤ ᠡᠭᠡᠰᠢᠭ ᠰᠤᠨᠤᠷᠲᠠᠨ᠂ ᠨᠠᠶᠢᠷᠠᠯ ᠬᠥᠭᠵᠢᠮ ᠤᠨ ᠠᠶ᠎ᠠ ᠰᠡᠳᠭᠢᠯ ᠤᠨ ᠬᠦᠭ ᠢ ᠴᠢᠪᠬᠠᠳᠠᠨ᠂ ᠪᠡᠭᠡᠵᠢᠩ ᠵᠦᠴᠦᠬᠡ ᠶᠢᠨ ᠲᠤᠭᠯᠠᠯᠲᠠ ᠬᠤᠷᠠᠭᠰᠠᠨ ᠤᠯᠠᠨ ᠳᠤ ᠤᠯᠤᠰ ᠤᠨ ᠣᠬᠢ ᠪᠤᠯᠤᠭᠰᠠᠨ ᠤᠷᠠᠯᠢᠭ ᠤᠨ ᠷᠢᠳᠢ ᠰᠢᠳᠢ ᠶᠢ ᠶᠠᠭᠠᠬᠢᠬᠤ ᠶᠢᠨ ᠠᠷᠭ᠎ᠠ ᠦᠭᠡᠢ ᠮᠡᠳᠡᠷᠡᠭᠦᠯᠦᠨ᠎ᠡ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠢᠩᠭᠠᠨ ᠠᠶᠢᠮᠠᠭ ᠤᠨ ᠡᠯ᠎ᠡ ᠭᠠᠵᠠᠷ ᠠᠭᠤᠯᠭ᠎ᠠ ᠪᠠᠶᠠᠯᠢᠭ ᠬᠡᠯᠪᠡᠷᠢ ᠤᠯᠠᠨ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠭᠠᠨ ᠤ ᠠᠵᠢᠯᠯᠠᠭ᠎ᠠ ᠢᠢ ᠵᠠᠯᠭᠠᠭ᠎ᠠ ᠪᠠᠷ ᠵᠤᠬᠢᠶᠠᠨ ᠪᠠᠶᠢᠭᠤᠯᠵᠤ᠂ ᠡᠯ᠎ᠡ ᠨᠡᠶᠢᠭᠡᠮ ᠲᠤᠭᠤᠷᠢᠭ᠂ ᠰᠢᠶᠠᠩ ᠪᠠᠯᠭᠠᠰᠤ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠤᠷᠢᠵᠤ ᠤᠷᠤᠯᠴᠠᠭᠤᠯᠤᠨ᠂ ᠲᠣᠭᠯᠠᠯᠲᠠ ᠰᠣᠨᠢᠷᠬᠠᠨ᠂ ᠲᠣᠭᠯᠠᠭᠠᠮ ᠬᠢᠵᠦ᠂ ᠶᠠᠷᠢᠯᠴᠠᠨ ᠵᠤᠭᠤᠭᠳᠠᠵᠤ᠂ ᠰᠣᠶᠣᠯ ᠤᠨ ᠦᠪᠡᠳᠡᠭᠰᠢ ᠨᠠᠶᠢᠷ ᠢ ᠤᠯᠠᠨ ᠲᠦᠮᠡᠨ ᠳᠤ ᠡᠳ᠋ᠯᠡᠭᠦᠯᠪᠡ᠃      ᠤᠯᠠᠭᠠᠨᠬᠤᠲᠠ ᠳᠤ ᠪᠠᠶᠢᠭ᠎ᠠ ᠬᠢᠩᠭᠠᠨ ᠤ ᠡᠭᠦᠳᠦᠨ ᠪᠦᠲᠦᠭᠡᠯᠲᠡ · ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠲᠤ ᠬᠦᠷᠬᠦ ᠳᠤ᠂ ᠦᠵᠡᠭᠦᠯᠭᠡ ᠶᠢᠨ ᠲᠢᠩᠬᠢᠮ ᠳᠠᠬᠢ ᠡᠪᠡᠰᠦᠨ ᠭᠦᠷᠦᠮᠡᠯ᠂ ᠬᠠᠳᠬᠤᠮᠠᠯ᠂ ᠲᠡᠮᠦᠷ ᠬᠠᠪᠲᠠᠰᠤᠨ ᠳᠠᠬᠢ ᠭᠦᠳᠦᠭᠦᠷ ᠰᠡᠶᠢᠯᠦᠮᠡᠯ ᠵᠡᠷᠭᠡ ᠣᠨᠴᠠᠯᠢᠭᠲᠤ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠬᠢᠩᠭᠠᠨ ᠤ ᠰᠣᠶᠣᠯ ᠤᠨ ᠡᠷᠲᠡᠨ ᠤ ᠰᠢᠯᠢᠳᠡᠭ ᠤᠯᠠᠮᠵᠢᠯᠠᠯ ᠢ ᠠᠴᠢᠶᠠᠯᠠᠵᠤ᠂ ᠦᠩᠭᠡᠷᠡᠨ ᠤᠳᠤᠭᠰᠠᠨ ᠴᠠᠭ ᠦᠶ᠎ᠡ ᠪᠠ ᠳᠤᠷᠠᠰᠤᠮᠵᠢ ᠰᠢᠩᠭᠡᠭᠰᠡᠨ ᠰᠠᠶᠢᠨ ᠰᠠᠶᠢᠬᠠᠨ ᠢ ᠭᠡᠷᠡᠴᠢᠯᠡᠭᠰᠡᠨ ᠢᠶᠠᠷ ᠦᠯᠦ ᠪᠠᠷᠠᠨ ᠨᠡᠩ ᠴᠤ ᠰᠣᠶᠣᠯ ᠤᠨ ᠭᠠᠶᠢᠬᠠᠮᠰᠢᠭᠲᠤ ᠤᠯᠠᠮᠵᠢᠯᠠᠯ ᠢ ᠭᠡᠷᠡᠴᠢᠯᠡᠪᠡ᠃ ᠦᠨᠦ᠂ ᠬᠢᠩᠭᠠᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠬᠠᠮᠳᠤ ᠶᠢᠨ ᠭᠡᠷ ᠣᠷᠣᠨ ᠤ ᠦᠪᠡᠳᠡᠭᠰᠢ ᠳᠠᠶᠢᠯᠠᠯᠭ᠎ᠠ︾ ᠶᠢ ᠪᠡᠶᠡᠴᠢᠯᠡᠨ ᠣᠶᠢᠯᠠᠭᠠᠬᠤ ᠨᠢ ᠬᠤᠳᠠ ᠶᠢᠨ ᠠᠷᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠭᠦᠨᠴᠡ ᠲᠠᠢ ᠪᠡᠶᠡᠴᠢᠯᠡᠨ ᠣᠶᠢᠯᠠᠭᠠᠬᠤ ︽ᠰᠢᠨ᠎ᠡ ᠤᠷᠤᠰᠬᠠᠯ︾ ᠪᠣᠯᠤᠭᠰᠠᠨ ᠪᠠᠶᠢᠨ᠎ᠠ᠃      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠳᠤ᠂ ᠥᠪᠥᠷ ᠮᠣᠩᠭᠤᠯ ᠤᠨ ᠬᠢᠩᠭᠠᠨ ᠠᠶᠢᠮᠠᠭ ᠢᠶᠠᠷ ᠲᠤᠷᠰᠢᠯᠲᠠ ᠶᠢᠨ ᠴᠡᠭ ᠪᠣᠯᠭᠠᠬᠤ ᠶᠢ ᠳᠡᠮᠵᠢᠵᠦ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠬᠡᠷ ᠲᠠᠭᠤᠷᠢᠶᠠᠯ ᠣᠷᠣᠨ ᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠳᠠᠪᠠᠭᠤᠯᠢᠭ ᠢ ᠳᠡᠯᠡᠬᠡᠢ ᠳ᠋ᠠᠬᠢᠨ ᠳᠤ ᠬᠠᠷᠠᠭᠤᠯᠬᠤ ᠴᠢᠬᠤᠯᠠ ᠴᠤᠩᠬᠤᠪᠴᠢ ᠪᠤᠯᠭᠠᠨ᠎ᠠ ᠭᠡᠵᠦ ᠲᠤᠳᠤᠷᠬᠠᠢ ᠲᠤᠷᠠᠳᠴᠠᠢ᠃      ᠡᠶᠢᠨ ᠬᠦ᠂ ᠬᠢᠩᠭᠠᠨ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠤᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠬᠤ ᠶᠠᠪᠤᠴᠠ ᠳᠤᠮᠳᠠ᠂ ᠬᠤᠪᠢᠰᠬᠠᠯᠳᠤ ᠬᠥᠮᠦᠵᠢᠯ ᠤᠨ ︽10 ᠨᠢᠭᠡ︾ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠬᠡᠷᠡᠭᠵᠢᠭᠦᠯᠪᠡ᠃ ᠬᠤᠪᠢᠰᠬᠠᠯᠳᠤ ᠬᠥᠮᠦᠵᠢᠯ ᠤᠨ ︽10 ᠨᠢᠭᠡ︾ ᠰᠢᠷᠢᠰ ᠠᠵᠢᠯᠯᠠᠭ᠎ᠠ ᠳᠤ ᠬᠤᠪᠢᠰᠬᠠᠯᠲᠤ ᠵᠢᠭᠤᠯᠴᠢᠯᠠᠯ ᠤᠨ ᠰᠣᠳᠣᠨ ᠱᠤᠭᠤᠮ ᠢᠶᠠᠷ ᠨᠢᠭᠡ ᠤᠳᠠᠭ᠎ᠠ ᠶᠠᠪᠤᠬᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠳᠤ ︽ᠭᠡᠷᠡᠯ ᠰᠠᠴᠤᠷᠠᠩᠭᠤᠢ ᠣᠨ ᠰᠠᠷ᠎ᠠ ᠶᠢ ᠥᠩᠭᠡᠷᠡᠭᠦᠯᠬᠦ︾ ᠶᠢ ᠨᠢᠭᠡ ᠤᠳᠠᠭ᠎ᠠ ᠪᠡᠶᠡᠴᠢᠯᠡᠨ ᠤᠶᠢᠯᠠᠭᠠᠬᠤ᠂ ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠭᠠᠵᠠᠷ ᠲᠤ ᠨᠢᠭᠡ ᠤᠳᠠᠭ᠎ᠠ ︽ᠲᠠᠪᠤᠨ ᠰᠠᠷ᠎ᠠ ᠶᠢᠨ ᠨᠢᠭᠡᠨ ᠤ ᠶᠡᠭᠡ ᠬᠤᠷᠠᠯ ᠳᠤ ᠣᠷᠣᠯᠴᠠᠬᠤ︾᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠬᠠᠭᠤᠴᠢᠨ ᠪᠠᠭᠤᠷᠢ ᠳᠤ ᠨᠢᠭᠡ ᠤᠳᠠᠭ᠎ᠠ ︽ᠨᠠᠮ ᠤᠨ ᠲᠥᠪ ᠬᠤᠷᠢᠶ᠎ᠠ ᠶᠢᠨ ᠳᠠᠭᠤᠨ ᠬᠤᠭᠤᠯᠠᠢ ᠶᠢ ᠰᠣᠨᠣᠰᠬᠤ︾᠂ ᠬᠢᠩᠭᠠᠨ ᠤ ᠡᠭᠦᠳᠦᠨ ᠪᠦᠲᠦᠭᠡᠯᠲᠡ · ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠲᠤ ᠨᠢᠭᠡ ᠤᠳᠠᠭ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠦᠪᠡᠳᠡᠭᠰᠢ ᠳᠠᠶᠢᠯᠠᠯᠭ᠎ᠠ︾ ᠶᠢ ᠪᠡᠶᠡᠴᠢᠯᠡᠨ ᠤᠶᠢᠯᠠᠭᠠᠬᠤ᠂ ᠨᠢᠭᠡ ᠤᠳᠠᠭ᠎ᠠ ᠬᠤᠪᠢᠰᠬᠠᠯᠳᠤ ᠵᠦᠴᠦᠭᠡ ᠶᠢ ᠰᠣᠨᠢᠷᠬᠠᠬᠤ᠂ ᠨᠢᠭᠡ ᠤᠳᠠᠭ᠎ᠠ ︽ᠵᠢᠷᠭᠤᠭᠠᠨ ᠦᠬᠦᠯᠡᠪᠤᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠤᠨ ᠲᠤᠰᠬᠠᠢ ᠰᠡᠳᠦᠪᠲᠦ ᠬᠢᠴᠢᠶᠡᠯ ᠢ ᠰᠣᠨᠣᠰᠬᠤ᠂ ︽ᠮᠠᠭᠲᠠᠭᠠᠯ ᠳᠠᠭᠤᠤ︾᠂ ︽ᠲᠠᠯ᠎ᠠ ᠨᠤᠲᠤᠭ ᠲᠤ ᠮᠥᠩᠬᠡ ᠶᠢᠨ ᠨᠡᠷᠡᠨ ᠰᠠᠴᠤᠷᠠᠨ ᠮᠠᠨᠳᠤᠯ᠎ᠠ︾ ᠭᠡᠬᠦ ᠳᠠᠭᠤᠤ ᠶᠢ ᠳᠠᠭᠤᠯᠠᠵᠤ ᠰᠤᠷᠬᠤ ᠶᠢᠨ ᠬᠠᠮᠲᠤ ︽ᠮᠠᠭᠲᠠᠭᠠᠯ ᠳᠠᠭᠤᠤ︾ ᠶᠢᠨ ᠢᠷᠡᠯᠲᠡ ᠶᠢᠨ ᠦᠯᠢᠭᠡᠷ ᠢ ᠰᠣᠨᠣᠰᠬᠤ᠂ ᠨᠢᠭᠡ ᠤᠳᠠᠭ᠎ᠠ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠭᠠᠨ ᠢ ᠰᠣᠨᠢᠷᠬᠠᠬᠤ᠂ ︽ᠪᠠᠲᠤᠴᠠᠭᠠᠨ ᠪᠠ ᠬᠠᠶᠢᠯᠠᠰᠤᠨ ᠤ ᠬᠠᠮᠲᠤ ᠶᠢᠨ ᠠᠶᠠᠯᠠᠯ︾ ᠪᠦᠯᠬᠦᠮᠳᠡᠯ ᠤᠨ ᠤᠢ ᠲᠠᠷᠢᠬᠤ ᠵᠡᠷᠭᠡ ᠠᠭᠤᠯᠭ᠎ᠠ ᠪᠠᠭᠲᠠᠨ᠎ᠠ᠃      ᠬᠤᠪᠢᠰᠬᠠᠯᠳᠤ ᠬᠥᠮᠦᠵᠢᠯ ᠤᠨ ︽10 ᠨᠢᠭᠡ︾ ᠶᠢᠨ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠢᠩᠭᠠᠨ ᠠᠶᠢᠮᠠᠭ ᠪᠦᠬᠦ ᠤᠯᠤᠰ ᠤᠨ ᠠᠩᠬᠠᠳᠠᠭᠴᠢ ᠪᠦᠯᠦᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠭᠠᠵᠠᠷ ᠣᠷᠣᠨ ᠢ ᠴᠣᠭᠴᠠᠯᠠᠨ ᠪᠠᠶᠢᠭᠤᠯᠬᠤ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠨ ᠪᠠᠶᠢᠭᠤᠯᠬᠤ ᠠᠵᠢᠯ ᠢ ᠨᠡᠩ ᠪᠣᠳᠠᠲᠠᠢ᠂ ᠨᠡᠩ ᠨᠠᠷᠢᠯᠢᠭ ᠬᠢᠵᠦ᠂ ᠡᠯ᠎ᠡ ᠵᠦᠢᠯ ᠤᠨ ᠠᠵᠢᠯ ᠢ ᠪᠦᠲᠦᠮᠵᠢᠲᠡᠢ ᠰᠠᠶᠢᠲᠤᠷ ᠬᠢᠵᠦ᠂ ᠡᠯ᠎ᠡ ᠦᠨᠳᠦᠰᠦᠲᠡᠨ ᠤ ᠪᠦᠯᠬᠦᠮᠳᠡᠯ ᠤᠷᠤᠭᠰᠢᠯᠠᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ︽ᠬᠤᠶᠠᠷ ᠲᠤᠭᠤᠷᠢᠭ ᠨᠢᠭᠡ ᠴᠣᠩᠬᠤᠪᠴᠢ︾ ᠶᠢᠨ ᠲᠤᠷᠰᠢᠯᠲᠠ ᠶᠢᠨ ᠴᠡᠭ ᠤᠨ ᠠᠵᠢᠯ ᠢ ᠪᠤᠳᠠᠲᠠᠶᠢᠵᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号