ᠬᠤᠪᠢᠰᠬᠠᠯᠳᠤ ᠤᠷᠤᠨ ᠤ ᠵᠤᠭᠠᠴᠠᠯ — ᠤᠯᠠᠭᠠᠨᠬᠤᠳᠠ ᠶᠢᠨ ᠰᠤᠶᠤᠯ ᠤᠨ ᠬᠠᠭᠤᠴᠢᠳ
ᠨᠡᠶᠢᠲᠡᠯᠡᠭᠰᠡᠨ ᠴᠠᠭ᠄
2024/4/9
      ︵ᠬᠤᠶᠠᠷ︶  ᠴᠢᠩᠬᠢᠰ ᠬᠠᠭᠠᠨ ᠤ ᠰᠦᠮ᠎ᠡ       ᠲᠤᠰ ᠰᠦᠮ᠎ᠡ ᠨᠢ ᠬᠢᠩᠭᠠᠨ ᠠᠶᠢᠮᠠᠭ ᠤᠨ ᠲᠦᠪ ᠤᠯᠠᠭᠠᠨᠬᠤᠳᠠ ᠶᠢᠨ ᠠᠷᠤ ᠲᠦᠰᠢᠭ ᠬᠠᠨ ᠠᠭᠤᠯᠠᠨ ᠤ ᠤᠷᠤᠢ ᠲᠡᠭᠡᠷ᠎ᠡ ᠪᠤᠰᠬᠠᠭᠳᠠᠵᠠᠢ᠃ 1940  ᠤᠨ ᠤ ᠦᠶ᠎ᠡ ᠳᠤ᠂  ᠵᠡᠭᠦᠨ ᠮᠤᠩᠭᠤᠯ ᠤᠨ ᠠᠯᠪᠠᠨ ᠠᠵᠢᠯᠳᠠᠳ᠂  ᠮᠠᠯᠴᠢᠨ ᠲᠠᠷᠢᠶᠠᠴᠢᠨ᠂  ᠶᠠᠳᠠᠭᠤ ᠰᠤᠷᠤᠭᠴᠢ ᠭᠡᠰᠡᠨ ᠦᠭᠡᠢ ᠬᠦᠮᠤᠨ ᠪᠦᠷᠢ ᠵᠤᠭᠤᠰ ᠮᠦᠩᠬᠦ ᠡᠷᠬᠦᠭᠰᠡᠨ ᠪᠠ ᠨᠡᠶᠢᠭᠡᠮ ᠤᠨ ᠤᠯᠠᠨ ᠲᠠᠯ᠎ᠠ ᠶᠢᠨ ᠲᠤᠰᠠᠯᠠᠮᠵᠢ ᠪᠠᠷ ᠪᠡᠯᠡ ᠮᠦᠩᠬᠦ ᠬᠤᠷᠠᠮᠳᠤᠭᠤᠯᠤᠨ᠂ 1940  ᠤᠨ ᠤ 5  ᠰᠠᠷ᠎ᠠ ᠶᠢᠨ 5 ᠤ ᠡᠳᠤᠷ ᠪᠠᠷᠢᠯᠭ᠎ᠠ  ᠶᠢᠨ ᠠᠵᠢᠯ ᠡᠬᠢᠯᠡᠵᠤ᠂ 1944 ᠤᠨ ᠤ 10 ᠰᠠᠷ᠎ᠠ ᠶᠢᠨ 10 ᠤ ᠡᠳᠤᠷ ᠪᠠᠷᠢᠯᠭ᠎ᠠ ᠪᠠᠨ ᠲᠡᠭᠦᠰᠭᠡᠪᠡ᠃  ᠶᠡᠷᠤ ᠳᠡᠭᠡᠨ ᠴᠢᠩᠬᠢᠰ ᠬᠠᠭᠠᠨ ᠤ ᠰᠦᠮ᠎ᠡ ᠶᠢ ᠤᠷᠳᠤᠰ ᠬᠤᠳᠠ ᠶᠢᠨ ᠴᠢᠩᠬᠢᠰ ᠤᠨ ᠤᠩᠭᠤᠨ ᠲᠠᠢ ᠬᠤᠤᠰᠯᠠᠭᠤᠯᠤᠨ ︽ ᠪᠠᠷᠠᠭᠤᠨ ᠤᠩᠭᠤᠨ᠂  ᠵᠡᠭᠦᠨ ᠰᠦᠮ᠎ᠡ︾ ᠭᠡᠵᠤ᠂  ᠲᠡᠯᠡᠬᠡᠢ ᠶᠢᠨ ᠴᠤᠷ ᠤᠨ ᠭᠠᠭᠴᠠ ᠪᠤᠭᠳᠠ ᠡᠵᠡᠨ ᠴᠢᠩᠬᠢᠰ ᠬᠠᠭᠠᠨ ᠢ ᠲᠠᠬᠢᠵᠤ ᠪᠠᠶᠢᠭ᠎ᠠ ᠰᠦᠮ᠎ᠡ ᠪᠤᠯᠤᠨ᠎ᠠ᠃  ᠴᠢᠩᠬᠢᠰ ᠬᠠᠭᠠᠨ ᠤ ᠰᠦᠮ᠎ᠡ ᠶᠢᠨ ᠭᠠᠳᠠᠷ ᠲᠦᠷᠰᠤ ᠨᠢ ᠴᠢᠩᠬᠢᠰ ᠬᠠᠭᠠᠨ ᠤ ᠴᠠᠭᠠᠨ ᠤᠷᠳᠤᠨ ᠤ ᠭᠠᠳᠠᠷ ᠲᠦᠷᠰᠤ ᠶᠢ ᠲᠠᠭᠤᠷᠢᠶᠠᠨ᠂  ᠠᠭᠤᠯᠠᠨ ᠤ ︽山︾ ᠦᠰᠦᠭ ᠤᠨ ᠬᠡᠯᠪᠡᠷᠢ ᠲᠠᠢ ᠲᠦᠯᠤᠪᠯᠡᠵᠠᠢ᠃  ᠲᠦᠪ ᠲᠤᠮᠳᠠ ᠨᠢ ᠦᠨᠳᠤᠷ ᠰᠦᠷᠯᠢᠭ ᠭᠤᠤᠯ ᠲᠤᠭᠠᠩ᠂  ᠪᠠᠷᠠᠭᠤᠨ ᠵᠡᠭᠦᠨ ᠲᠠᠯ᠎ᠠ ᠳᠠᠬᠢ ᠵᠢᠬᠦᠷ ᠤᠨ ᠲᠤᠭᠠᠩ ᠨᠢ ᠭᠤᠤᠯ ᠲᠤᠭᠠᠩ ᠠᠴᠠ ᠪᠠᠨ ᠪᠠᠭ᠎ᠠ ᠰᠢᠭ᠋ ᠪᠠᠶᠢᠵᠤ᠂  ᠭᠤᠤᠯ ᠲᠤᠭᠠᠩ ᠤᠨ ᠲᠡᠭᠡᠳᠤ ᠬᠠᠭᠠᠰ ᠨᠢ ᠮᠤᠩᠭᠤᠯ ᠭᠡᠷ ᠤᠨ ᠬᠡᠯᠪᠡᠷᠢ ᠲᠠᠢ᠂  ᠨᠤᠭᠤᠭᠠᠨ ᠦᠩᠭᠡ ᠶᠢᠨ ᠤᠷᠤᠢ ᠲᠠᠢ᠃  ᠵᠢᠬᠦᠷ ᠤᠨ ᠲᠤᠭᠠᠩ ᠤᠨ ᠬᠡᠯᠬᠢᠶᠡᠰᠤ ᠵᠠᠯᠭᠠᠳᠠᠰᠤ ᠬᠤᠩᠬᠢᠯ ᠲᠡᠭᠡᠷ᠎ᠡ ᠭᠤᠷᠪᠠ ᠭᠤᠷᠪᠠᠨ ᠮᠤᠩᠭᠤᠯ ᠭᠡᠷ ᠤᠨ ᠬᠡᠯᠪᠡᠷᠢᠳᠤ ᠰᠦᠮ᠎ᠡ ᠶᠢᠨ ᠤᠷᠤᠢ ᠭᠠᠷᠭᠠᠵᠤ᠂  ᠭᠤᠤᠯ ᠲᠡᠳ᠋ ᠭᠤᠷᠪᠠᠨ ᠲᠤᠭᠠᠩ ᠨᠡᠶᠢᠯᠡᠭᠡᠳ ᠮᠤᠩᠭᠤᠯᠴᠤᠳ ᠤᠨ ᠭᠤᠷᠪᠠ ᠪᠠ ᠶᠢᠰᠤ ᠶᠢᠨ ᠲᠤᠭ᠎ᠠ ᠶᠢ ᠪᠡᠯᠭᠡᠰᠢᠶᠡᠬᠦ ᠰᠠᠨᠠᠭ᠎ᠠ ᠶᠢ ᠢᠯᠡᠳᠭᠡᠭᠰᠡᠨ ᠪᠠᠶᠢᠳᠠᠭ᠃ ᠴᠢᠩᠬᠢᠰ ᠬᠠᠭᠠᠨ ᠤ ᠰᠦᠮ᠎ᠡ ᠶᠢᠨ ᠪᠠᠷᠢᠯᠭ᠎ᠠ ᠶᠢᠨ ᠲᠠᠯᠠᠪᠠᠢ ᠨᠢ 822 ᠲᠡᠭᠰᠢ ᠲᠦᠷᠪᠡᠯᠵᠢᠨ ᠮᠧᠲᠷ᠂  ᠶᠡᠷᠤᠩᠬᠡᠢ ᠲᠠᠯᠠᠪᠠᠢ ᠨᠢ 62000 ᠲᠡᠭᠰᠢ ᠲᠦᠷᠪᠡᠯᠵᠢᠨ ᠮᠧᠲᠷ ᠭᠠᠵᠠᠷ ᠢ ᠡᠵᠡᠯᠡᠵᠤ ᠪᠠᠶᠢᠳᠠᠭ᠃       ᠴᠢᠩᠬᠢᠰ ᠬᠠᠭᠠᠨ ᠤ ᠰᠦᠮ᠎ᠡ ᠪᠤᠯ ᠤᠯᠤᠰ ᠤᠨ AAAA ᠲᠡᠰ ᠤᠨ ᠵᠤᠭᠠᠴᠠᠯ ᠤᠨ ᠤᠷᠤᠨ᠂  ᠤᠯᠤᠰ ᠤᠨ ᠲᠡᠰ  ᠤᠨ ᠭᠤᠤᠯᠳᠠᠯᠭ᠎ᠠ ᠲᠠᠢ ᠲᠡᠤᠭᠡ ᠶᠢᠨ ᠲᠤᠷᠠᠰᠬᠠᠯᠳᠤ ᠵᠤᠶᠢᠯᠡᠰ ᠤᠨ ᠬᠠᠮᠠᠭᠠᠯᠠᠯᠳᠠ ᠶᠢᠨ ᠨᠢᠭᠡᠴᠢ᠂  ᠦᠪᠡᠷᠳᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠰᠤᠷᠭᠠᠨ ᠬᠦᠮᠤᠵᠢᠯ ᠤᠨ ᠰᠠᠭᠤᠷᠢᠨ ᠭᠠᠵᠠᠷ ᠪᠤᠯᠤᠨ᠎ᠠ᠃  
 
ᠢᠷᠡᠯᠲᠡ᠄ ᠲᠠᠪᠤᠨ ᠭᠤᠤᠯ ᠤᠨ ᠰᠤᠶᠤᠯ ᠵᠦᠢ ᠶᠢᠨ ᠪᠠᠶᠢᠴᠠᠭᠠᠯᠳᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号