ᠬᠤᠪᠢᠰᠬᠠᠯᠳᠤ ᠤᠷᠤᠨ ᠤ ᠵᠤᠭᠠᠴᠠᠯ — ᠤᠯᠠᠭᠠᠨᠬᠤᠳᠠ ᠶᠢᠨ ᠰᠤᠶᠤᠯ ᠤᠨ ᠬᠠᠭᠤᠴᠢᠳ
ᠨᠡᠶᠢᠲᠡᠯᠡᠭᠰᠡᠨ ᠴᠠᠭ᠄
2024/4/9
     ︵ᠭᠤᠷᠪᠠ︶  ᠸᠠᠩ ᠤᠨ ᠰᠦᠮ᠎ᠡ       ᠸᠠᠩ ᠤᠨ ᠰᠦᠮ᠎ᠡ ᠨᠢ 1691 ᠤᠨ ᠤ ᠵᠠᠰᠠᠭᠳᠤ ᠬᠤᠰᠢᠭᠤᠨ ᠤ ᠭᠤᠷᠪᠠᠳᠤᠭᠠᠷ ᠦᠶ᠎ᠡ ᠶᠢᠨ ᠵᠠᠰᠠᠭ ᠵᠢᠶᠦ᠋ᠨ ᠸᠠᠩ ᠸᠴᠢᠷ ᠤᠨ ᠡᠭᠦᠰᠭᠡᠨ ᠪᠠᠶᠢᠭᠤᠯᠤᠭᠰᠠᠨ ᠭᠡᠷ ᠤᠨ ᠰᠦᠮ᠎ᠡ ᠪᠤᠯᠤᠨ᠎ᠠ᠃  ᠤᠤᠯ ᠤᠨ ᠰᠠᠭᠤᠷᠢ ᠨᠢ ᠤᠯᠠᠭᠠᠨᠬᠤᠳᠠ ᠶᠢᠨ ᠮᠤᠳᠤᠨ ᠮᠠᠩᠬ᠎ᠠ ᠭᠡᠮᠡᠬᠦ ᠬᠤᠸᠠ ᠠᠭᠤᠯᠠ ᠶᠢᠨ ᠡᠮᠤᠨ᠎ᠡ ᠪᠠᠯ ︵ᠤᠳᠤᠬᠢ ᠤᠯᠠᠭᠠᠨᠬᠤᠳᠠ ᠶᠢᠨ ᠬᠤᠳᠠᠯᠠ ᠨᠢᠬᠦᠯᠡᠰᠤᠩᠭᠦᠢ ᠵᠡᠭᠡᠯᠢ︶ ᠳᠤ ᠪᠠᠶᠢᠭᠰᠠᠨ ᠶᠤᠮ᠃  1694 ᠤᠨ ᠳᠤ ᠴᠢᠩ ᠤᠯᠤᠰ ᠤᠨ ᠬᠠᠭᠠᠨ ᠠᠴᠠ ᠬᠠᠶᠢᠷᠠᠯᠠᠭᠰᠠᠨ ᠨᠡᠷ᠎ᠡ ᠨᠢ ︽ᠬᠤᠳᠠᠯᠠ ᠨᠢᠬᠦᠯᠡᠰᠦᠩᠬᠦᠢ ᠰᠦᠮ᠎ᠡ︾ ᠭᠡᠳᠡᠭ ᠪᠤᠯᠪᠠᠴᠤ ᠠᠷᠠᠳ ᠤᠨ ᠲᠤᠮᠳᠠ ︽ ᠸᠠᠩ ᠤᠨ ᠰᠦᠮ᠎ᠡ︾  ᠭᠡᠵᠤ ᠠᠯᠳᠠᠷᠰᠢᠵᠠᠢ᠃  ᠤᠤᠯ ᠰᠦᠮ᠎ᠡ ᠨᠢ ᠲᠦᠪᠡᠳ ᠮᠠᠶ᠋ᠢᠭ ᠤᠨ ᠬᠡᠪ ᠨᠠᠮᠪᠠ ᠲᠠᠢ ᠪᠠᠶᠢᠵᠤ᠂  ᠲᠤᠰ ᠰᠦᠮ᠎ᠡ ᠳᠤ ᠲᠦᠪᠡᠳ ︽ ᠭᠠᠨᠵᠤᠤᠷ︾ 120 ᠪᠤᠳᠢ᠂  ᠲᠦᠪᠡᠳ ︽ ᠳ᠋ᠠᠨᠵᠤᠤᠷ︾  ᠰᠤᠳᠤᠷ 300 ᠢᠯᠡᠬᠦᠤ ᠪᠤᠳᠢ ᠬᠠᠳᠠᠭᠠᠯᠠᠭᠳᠠᠵᠤ᠂  ᠪᠠᠳᠠᠷᠠᠯ ᠤᠨ ᠦᠶ᠎ᠡ ᠳᠡᠭᠡᠨ 500  ᠢᠯᠡᠬᠦᠤ ᠯᠠᠮᠠ ᠲᠠᠢ ᠪᠠᠶᠢᠪᠠ᠃  20 ᠳ᠋ᠤᠭᠠᠷ ᠵᠠᠭᠤᠨ ᠤ ᠵᠢᠷᠠᠭᠠᠳ ᠤᠨ ᠤ ᠲᠤᠮᠳᠠᠴᠢ ᠦᠶ᠎ᠡ ᠳᠤ ᠡᠪᠳᠡᠭᠳᠡᠪᠡ᠃      1986 ᠤᠨ ᠳᠤ ᠤᠯᠠᠭᠠᠨᠬᠤᠳᠠ ᠶᠢᠨ ᠵᠠᠰᠠᠭ ᠤᠨ ᠤᠷᠳᠤᠨ ᠠᠴᠠ ᠸᠠᠩ ᠤᠨ ᠰᠦᠮ᠎ᠡ ᠶᠢᠨ ᠤᠤᠯ ᠤᠨ ᠰᠠᠭᠤᠷᠢᠨ ᠲᠡᠭᠡᠷ᠎ᠡ ᠰᠦᠮ᠎ᠡ ︵300  ᠲᠡᠭᠰᠢ ᠲᠦᠷᠪᠡᠯᠵᠢᠨ ᠲᠠᠯᠠᠪᠠᠢ ᠲᠠᠢ ᠨᠢᠭᠡ ᠲᠤᠭᠠᠩ︶ ᠶᠢ ᠰᠡᠷᠬᠦᠭᠡᠨ ᠪᠠᠶᠢᠭᠤᠯᠵᠤ᠂ 2003  ᠤᠨ ᠳᠤ ᠴᠢᠩᠬᠢᠰ ᠤᠨ ᠰᠦᠮ᠎ᠡ ᠶᠢᠨ ᠵᠡᠭᠦᠨ ᠲᠠᠯ᠎ᠠ ᠳᠤ ᠰᠢᠯᠵᠢᠬᠦᠯᠤᠨ ᠪᠠᠶᠢᠭᠤᠯᠤᠭᠰᠠᠨ ᠪᠠᠶᠢᠵᠤ᠂ 2016 ᠤᠨ ᠳᠤ ᠤᠯᠠᠭᠠᠨᠬᠤᠳᠠ ᠶᠢᠨ ᠵᠠᠰᠠᠭ ᠤᠨ ᠤᠷᠳᠤᠨ ᠠᠴᠠ ᠦᠨᠳᠤᠰᠤᠳᠡᠨ ᠤ ᠱᠠᠰᠢᠨ ᠰᠤᠷᠳᠠᠬᠤᠨ ᠤ ᠰᠤᠶᠤᠯ ᠢ ᠤᠯᠠᠮᠵᠢᠯᠠᠨ᠂  ᠵᠤᠭᠠᠴᠠᠯ ᠤᠨ ᠤᠶᠢᠯᠡᠰ ᠢ ᠬᠦᠭᠵᠢᠬᠦᠯᠬᠦ ᠶᠢᠨ ᠲᠦᠯᠦᠭᠡ ᠢᠯᠠᠯᠳᠠ ᠪᠠᠯᠭᠠᠰᠤ ᠶᠢᠨ ᠬᠢᠵᠠᠭᠠᠷ ᠲᠤ ᠰᠢᠯᠵᠢᠬᠦᠯᠤᠨ ᠪᠠᠶᠢᠭᠤᠯᠵᠤ ᠂ 2020 ᠤᠨ ᠳᠤ ᠠᠰᠢᠭᠯᠠᠯᠳᠠ ᠳᠤ ᠤᠷᠤᠭᠤᠯᠵᠠᠢ᠃  
 
ᠢᠷᠡᠯᠲᠡ᠄ ᠲᠠᠪᠤᠨ ᠭᠤᠤᠯ ᠤᠨ ᠰᠤᠶᠤᠯ ᠵᠦᠢ ᠶᠢᠨ ᠪᠠᠶᠢᠴᠠᠭᠠᠯᠳᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号