ᠤᠯᠠᠭᠠᠨᠬᠤᠲᠠ ᠪᠠᠭᠰᠢ ᠶᠢᠨ ᠠᠵᠢᠯ ᠤᠨ ᠪᠠᠶᠢᠷᠢ ᠶᠢ ᠡᠬᠡᠯᠵᠢᠯᠡᠬᠦᠯᠤᠨ ᠰᠤᠯᠢᠯᠴᠠᠭᠤᠯᠬᠤ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠳᠤ ᠬᠦᠴᠤᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/10
       ᠣᠶᠢᠷ᠎ᠠ ᠶᠢᠨ ᠵᠢᠯ ᠤᠳ ᠲᠤ᠂ ᠤᠯᠠᠭᠠᠨᠬᠤᠲᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠬᠦᠯᠤᠨ ᠰᠤᠯᠢᠯᠴᠠᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ ᠪᠤᠢ᠃     ᠤᠯᠠᠭᠠᠨᠬᠤᠲᠠ ᠶᠢᠨ ᠢᠯᠠᠯᠳᠠ ᠭᠤᠤᠯ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠬᠡᠯᠡ ᠪᠢᠴᠢᠭ ᠤᠨ ᠬᠢᠴᠢᠶᠡᠯ ᠳᠡᠭᠡᠷ᠎ᠡ᠂ ᠤᠯᠠᠭᠠᠨᠬᠤᠲᠠ ᠶᠢᠨ ᠾᠧ ᠵᠠᠨ ᠪᠠᠭ᠎ᠠ ᠰᠤᠷᠭᠠᠭᠤᠯᠢ ᠶᠢᠨ ᠪᠠᠭᠰᠢ ᠶᠢᠩ ᠴᠦᠨ ︽ᠶᠠᠭᠠᠷᠠᠯᠲᠠᠶ︾ ᠭᠡᠬᠦ ᠵᠣᠬᠢᠶᠠᠯ ᠢ ᠲᠠᠶᠢᠯᠪᠤᠷᠢᠯᠠᠨ ᠶᠠᠷᠢᠵᠤ ᠪᠠᠶᠢᠯ᠎ᠠ᠂ ᠲᠡᠬᠦᠨ ᠤ ᠱᠤᠭ ᠶᠦᠮᠦᠷᠯᠢᠭ ᠬᠢᠴᠢᠶᠡᠯ ᠵᠢᠭᠠᠬᠤ ᠬᠡᠯᠪᠡᠷᠢ ᠨᠢ ᠰᠤᠷᠤᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠨ᠎ᠠ᠃ ᠬᠢᠴᠢᠶᠡᠯ ᠪᠠᠭᠤᠭᠰᠠᠨ ᠤ ᠳᠠᠷᠠᠭ᠎ᠠ᠂ ᠪᠠᠶ ᠢᠦᠶ ᠰᠢᠨ ᠬᠠᠮᠲᠤ ᠰᠤᠷᠤᠯᠭᠠᠲᠠᠨ᠄ ︽ᠶᠢᠩ ᠴᠦᠨ ᠪᠠᠭᠰᠢ ᠪᠢᠳᠡᠨ ᠳᠤ ᠬᠢᠴᠢᠶᠠᠯ ᠤᠷᠤᠭᠰᠠᠨ ᠠᠴᠠ ᠨᠠᠰᠢ᠂ ᠮᠢᠨᠦ ᠲᠠᠨᠢᠵᠤ ᠮᠡᠳᠡᠬᠦ ᠦᠰᠦᠭ ᠤᠯᠠᠮ ᠠᠴᠠ ᠤᠯᠠᠮ  ᠨᠡᠮᠡᠭᠳᠡᠵᠤ᠂ ᠤᠩᠰᠢᠬᠤ ᠬᠤᠷᠳᠤᠴᠠ ᠪᠠ ᠢᠯᠡᠳᠬᠡᠬᠦ ᠴᠢᠳᠠᠪᠤᠷᠢ ᠴᠤ ᠨᠡᠯᠢᠶᠡᠳ ᠳᠡᠭᠡᠭᠰᠢᠯᠡᠵᠡᠶ᠂ ᠬᠢᠴᠢᠶᠡᠯ ᠳᠡᠭᠡᠷ᠎ᠡ ᠪᠢ ᠤᠯᠤᠰ ᠤᠨ ᠨᠡᠶᠢᠳᠡᠮ ᠬᠡᠷᠡᠭᠯᠡᠬᠦ ᠪᠠᠷᠢᠮᠵᠢᠶ᠎ᠠ ᠬᠡᠯᠡ ᠪᠠᠷ ᠠᠰᠠᠭᠤᠯᠲᠠ ᠬᠠᠷᠢᠭᠤᠯᠵᠤ ᠴᠢᠳᠠᠬᠤ ᠪᠣᠯᠤᠭᠰᠠᠨ ᠪᠠᠶᠢᠨ᠎ᠠ᠂ ᠬᠡᠯᠡ ᠪᠢᠴᠢᠭ ᠰᠤᠷᠬᠤ ᠨᠢ ᠮᠠᠰᠢ ᠰᠣᠨᠢᠷᠬᠠᠯᠲᠠᠶ ᠰᠠᠨᠠᠭᠳᠠᠵᠤ ᠪᠠᠶᠢᠨ᠎ᠠ︾ ᠭᠡᠵᠦ ᠬᠡᠯᠡᠪᠡ᠃      2023 — 2024 ᠰᠤᠷᠤᠯᠭ᠎ᠠ ᠶᠢᠨ ᠣᠨ ᠪᠣᠯᠲᠠᠯ᠎ᠠ᠂ ᠤᠯᠠᠭᠠᠨᠬᠤᠲᠠ ᠬᠤᠲᠠ ᠬᠥᠳᠡᠭᠡ ᠶᠢᠨ ᠰᠣᠯᠢᠯᠴᠠᠭ᠎ᠠ᠂ ᠰᠤᠷᠭᠠᠭᠤᠯᠢ ᠠᠯᠤᠰᠯᠠᠨ ᠬᠢᠴᠢᠶᠡᠯ ᠬᠠᠪᠰᠤᠷᠭᠠᠬᠤ ᠵᠡᠷᠭᠡ ᠬᠡᠯᠪᠡᠷᠢ ᠪᠠᠷ 158 ᠪᠠᠭᠰᠢ ᠶᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠭᠤᠯᠬᠤ ᠠᠵᠢᠯ ᠢ ᠥᠷᠨᠢᠭᠦᠯᠪᠡ᠃ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠣᠯᠢᠯᠴᠠᠬᠤ ᠨᠢ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠲᠡᠩᠴᠡᠭᠦᠷᠢᠲᠡᠶ ᠲᠣᠬᠢᠷᠠᠭᠤᠯᠤᠯᠲᠠ ᠶᠢ ᠠᠬᠢᠭᠤᠯᠪᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号