ᠰᠦᠬᠡ ᠤᠯᠠᠭᠠᠨᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/13
    ︵ᠰᠤᠷᠪᠤᠯᠵᠢᠯᠠᠭᠴᠢ ᠬᠠᠨ ᠸᠧᠨ ᠪᠢᠨ︶ 5 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠯᠠᠭᠠᠨᠬᠤᠲᠠ ᠶᠢᠨ ︽ᠬᠤᠶᠠᠷ ᠵᠠᠮ ᠬᠤᠶᠠᠷ ᠬᠥᠭᠦᠷᠭᠡ︾ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠳᠠᠯᠠᠪᠤᠷ᠂ ᠤᠯᠠᠭᠠᠨᠬᠤᠲᠠ ᠪᠣᠯᠣᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠤᠲᠠ ᠨᠢᠭᠡᠳᠦᠭᠡᠷ ᠳᠤᠮᠳᠠᠳᠤ ᠰᠤᠷᠭᠠᠭᠤᠯᠢ᠂ ᠤᠯᠠᠭᠠᠨᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠂ ᠤᠯᠠᠭᠠᠨᠬᠤᠲᠠ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠬᠦᠶ ᠦᠢᠯᠡᠳᠪᠦᠷᠢᠯᠡᠯ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ᠂ ᠤᠯᠤᠰ ᠤᠨ ᠨᠢᠭᠡᠳᠤᠯᠳᠠᠢ ᠰᠢᠯᠭᠠᠯᠲᠠ ᠶᠢᠨ ᠪᠡᠯᠡᠳᠭᠡᠯ ᠠᠵᠢᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠵᠢᠯ ᠢ ᠰᠢᠨᠵᠢᠯᠡᠨ ᠪᠠᠶᠢᠴᠠᠭᠠᠵᠦ ᠱᠠᠯᠠᠪᠳᠠᠭᠤᠯᠤᠨ ᠵᠢᠯᠤᠭᠤᠳᠪᠠ᠃     ᠰᠦᠬᠡ ᠭᠡᠯᠡᠭᠰᠡᠨ ᠨᠢ᠂ ᠣᠳᠣᠬᠠᠨ ᠤ ᠪᠠᠷᠢᠯᠭ᠎ᠠ ᠶᠢᠨ ᠠᠵᠢᠯ ᠳᠤ ᠠᠰᠢᠭᠲᠠᠢ ᠠᠵᠠ ᠲᠣᠬᠢᠶᠠᠯ ᠢ ᠠᠮᠵᠢᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠪᠣᠯᠤᠨ ᠵᠠᠪᠰᠢᠶᠠᠨ ᠢ ᠳᠠᠯᠢᠮᠳᠠᠭᠤᠯᠬᠤ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠡᠮ ᠰᠣᠭᠤᠭ ᠢ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠪᠣᠳᠠᠲᠠᠢ ᠠᠳᠬᠤᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠰᠢᠯᠭᠠᠯᠲᠠ ᠶᠢᠨ ᠪᠡᠯᠡᠳᠭᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠭᠠᠯᠲᠠ ᠳᠤ ᠪᠡᠯᠡᠳᠭᠡᠬᠦ ᠠᠬᠢᠴᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠯᠭᠠᠭᠤᠯᠤᠭᠰᠠᠳ ᠲᠤ ᠰᠠᠶᠢᠨ ᠰᠠᠶᠢᠬᠠᠨ ᠰᠤᠷᠤᠯᠴᠠᠯᠭ᠎ᠠ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ᠃ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠩᠭᠠᠨ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠦᠷᠭᠡᠳᠭᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠨᠠᠷᠢᠯᠢᠬᠵᠢᠭᠤᠯᠤᠨ ᠳᠡᠭᠡᠭᠰᠢᠯᠡᠭᠦᠯᠵᠦ᠂ ᠨᠠᠰᠤᠲᠠᠶᠢᠴᠤᠳ ᠲᠤ ᠨᠠᠩ ᠳᠣᠲᠣᠨᠣ᠂ ᠨᠠᠩ ᠲᠥᠬᠦᠮ᠂ ᠨᠠᠩ ᠥᠨᠳᠥᠷ ᠶᠠᠰᠤ ᠴᠢᠨᠠᠷ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ ᠭᠡᠪᠡ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号