ᠤᠯᠠᠭᠠᠨᠬᠤᠳᠠ ᠶᠢᠨ ᠴᠠᠬᠳᠠᠭ᠎ᠠ ᠠᠷᠠᠳ ᠬᠤᠯᠪᠤᠭᠠᠯᠠᠨ ᠬᠦᠳᠡᠯᠤᠯᠴᠡᠵᠦ ︽ᠨᠢᠭᠡ ᠳᠤᠭᠤᠯᠠᠭ᠎ᠠ ᠨᠢᠭᠡ ᠪᠦᠰᠠ︾ ᠶᠢᠨ ᠠᠮᠤᠷ ᠲᠦᠪᠰᠢᠨ ᠤ ᠬᠠᠮᠠᠭᠠᠯᠠᠯᠳᠠ ᠶᠢᠨ ᠠᠵᠢᠯᠯᠠᠭ᠎ᠠ ᠶᠢ ᠬᠦᠨᠵᠡᠭᠡᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2024/5/13
     ᠤᠯᠠᠭᠠᠨᠬᠤᠳᠠ ᠶᠢᠨ ᠵᠢᠷᠤᠮ ᠤᠨ ᠴᠠᠭᠳᠠᠭ᠎ᠠ᠂ ᠵᠠᠮ ᠬᠠᠷᠢᠯᠴᠠᠭᠠᠨ ᠤ ᠰᠠᠶᠢᠨ ᠲᠤᠷᠠᠴᠤᠤᠯ ᠤᠨ ᠣᠯᠠᠨ ᠢᠶᠠᠷ ᠢᠶᠠᠨ ᠰᠡᠷᠭᠡᠶᠢᠯᠠᠵᠦ ᠤᠯᠠᠨ ᠢᠶᠠᠷ ᠢᠶᠠᠨ ᠵᠠᠰᠠᠬᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠴᠠᠭᠳᠠᠭ᠎ᠠ ᠠᠷᠠᠳ ᠬᠤᠯᠪᠣᠭᠠᠯᠠᠨ ᠬᠥᠳᠡᠯᠦᠯᠴᠡᠵᠦ ︽ᠨᠢᠭᠡ ᠳᠤᠭᠤᠯᠠᠭ᠎ᠠ ᠨᠢᠭᠡ ᠪᠦᠰᠡ︾ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠬᠤ ᠪᠠᠷ᠂ ᠦᠢᠷ᠎ᠠ ᠳᠤ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠠᠴᠠ ᠤᠯᠠᠭᠠᠨᠬᠤᠳᠠ ᠶᠢᠨ ᠵᠢᠷᠤᠮ ᠤᠨ ᠴᠠᠬᠳᠠᠭ᠎ᠠ ᠪᠤᠯᠤᠨ ᠵᠠᠮ ᠬᠠᠷᠢᠯᠴᠠᠭᠠᠨ ᠤ ᠰᠠᠶᠢᠨ ᠲᠤᠷᠠᠴᠤᠤᠯ ᠢ ᠵᠤᠬᠢᠶᠠᠨ ᠪᠠᠶᠢᠭᠤᠯᠤᠨ᠂ ᠬᠤᠳᠠ ᠶᠢᠨ ᠲᠣᠭᠤᠷᠢᠭ ᠤᠨ ᠡᠯ᠎ᠡ ᠭᠤᠣᠯ ᠵᠠᠮ ᠢᠶᠠᠷ ᠬᠦᠨᠵᠡᠭᠡᠶᠢᠷᠡᠵᠦ᠂ ᠴᠠᠬᠢᠯᠭᠠᠨ ᠬᠥᠳᠡᠯᠭᠡᠭᠦᠷᠲᠦ ᠲᠡᠷᠭᠡ ᠪᠤᠯᠤᠨ ᠮᠣᠲ᠋ᠤᠷ ᠲᠡᠷᠭᠡ ᠤᠨᠤᠵᠤ ᠪᠠᠶᠢᠭ᠎ᠠ ᠬᠥᠮᠦᠰ ᠢ ᠤᠬᠠᠮᠰᠠᠷ ᠠᠴᠠ ᠪᠠᠨ ᠠᠮᠤᠷ ᠲᠦᠪᠰᠢᠨ ᠤ ᠳᠤᠭᠤᠯᠠᠭ᠎ᠠ ᠵᠡᠬᠦᠭᠦ᠂ ᠵᠠᠮ ᠬᠠᠷᠢᠯᠴᠠᠭᠠᠨ ᠤ ᠲᠦᠷᠢᠮ ᠢ ᠵᠢᠷᠤᠮᠯᠠᠬᠤ ᠶᠢ ᠢᠳᠬᠠᠵᠤ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠰᠠᠨ ᠪᠠᠶᠢᠨ᠎ᠠ᠃       ᠠᠵᠢᠯᠯᠠᠭ᠎ᠠ ᠳᠤ᠂ ᠤᠯᠠᠭᠠᠨᠬᠤᠳᠠ ᠶᠢᠨ 30 ᠭᠠᠷᠤᠢ ᠵᠢᠷᠤᠮ ᠤᠨ ᠴᠠᠭᠳᠠᠭ᠎ᠠ᠂ ᠬᠠ ᠯᠸᠤ ᠬᠠᠮᠲᠤ ᠪᠠᠷ ᠡᠳ᠋ᠯᠡᠬᠦ ᠳᠤᠭᠤᠶ ᠲᠡᠷᠭᠡᠨ ᠺᠤᠮᠫᠠᠨᠢ ᠶᠢᠨ 20 ᠭᠠᠷᠤᠢ ᠠᠵᠢᠯᠲᠠᠨ ᠵᠠᠮ ᠬᠠᠷᠢᠯᠴᠠᠭᠠᠨ ᠤ ᠴᠠᠭᠳᠠᠭ᠎ᠠ ᠶᠢ ᠬᠠᠮᠵᠢᠯᠴᠠᠨ᠂ ᠭᠡᠰᠡᠭ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡ᠂ ᠮᠣᠲ᠋ᠣᠷ ᠲᠡᠷᠭᠡ ᠤᠨᠤᠬᠤ ᠳᠠᠭᠠᠨ ᠳᠤᠭᠤᠯᠠᠭ᠎ᠠ ᠵᠡᠭᠦᠬᠦ ᠦᠭᠡᠶ᠂ ᠴᠢᠭᠯᠡᠯ ᠡᠰᠡᠷᠬᠦᠯᠡᠨ ᠶᠠᠪᠤᠬᠤ᠂ ᠲᠤᠬᠢᠶᠠᠨ ᠳ᠋ᠧᠩ ᠢ ᠬᠠᠮᠢᠶᠠᠷᠬᠤ ᠦᠭᠡᠢ ᠵᠢᠴᠢ ᠶᠠᠪᠠᠭᠠᠨ ᠬᠥᠮᠦᠨ ᠳᠤᠷ᠎ᠠ ᠪᠠᠷ ᠢᠶᠠᠨ ᠵᠠᠮ ᠭᠡᠲᠦᠯᠬᠦ ᠵᠡᠷᠭᠡ ᠵᠠᠮ ᠬᠠᠷᠢᠯᠴᠠᠭᠠᠨ ᠤ ᠮᠠᠭᠤ ᠳᠠᠳᠬᠠᠯ ᠢ ᠢᠳᠬᠠᠨ ᠬᠤᠷᠢᠬᠯᠠᠬᠰᠠᠨ ᠮᠦᠷᠳᠡᠭᠡᠨ ᠰᠤᠷᠭᠠᠨ ᠬᠦᠮᠦᠵᠢᠬᠦᠯᠦᠭᠰᠡᠨ ᠪᠠᠶᠢᠨ᠎ᠠ᠃       ︽ᠬᠤᠶᠢᠰᠢᠳᠠ᠂ ᠦᠷᠬᠦᠯᠵᠢᠯᠡᠨ ᠵᠠᠮ ᠬᠠᠷᠢᠯᠴᠠᠭᠠᠨ ᠤ ᠪᠣᠯᠪᠠᠰᠤᠨ ᠤ ᠦᠢᠯᠡᠳᠦᠯᠭᠡᠵᠢᠭᠦᠯᠦᠭᠴᠢ ᠪᠣᠯᠵᠦ᠂ ᠥᠪᠡᠷ ᠤᠨ ᠪᠣᠯᠪᠠᠰᠤᠨ ᠦᠢᠯᠡ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠨᠥᠯᠥᠭᠡᠯᠡᠵᠦ᠂ ᠳᠤᠭᠤᠯᠠᠭ᠎ᠠ ᠵᠡᠭᠦᠬᠦ ᠦᠭᠡᠢ᠂ ᠠᠮᠤᠷ ᠲᠦᠪᠰᠢᠨ ᠤ ᠪᠦᠰᠡ ᠪᠦᠰᠡᠯᠡᠬᠦ ᠦᠭᠡᠢ ᠪᠠᠶᠢᠬᠤ ᠶᠢᠨ ᠬᠦᠨᠳᠦ ᠨᠣᠴᠢᠲᠠᠶ ᠬᠤᠣᠷ ᠬᠥᠨᠥᠭᠡᠯ ᠢ ᠢᠳᠡᠪᠬᠢᠲᠡᠶ ᠪᠠᠷ ᠤᠬᠠᠭᠤᠯᠤᠨ᠂ ᠬᠤᠳᠠ ᠶᠢᠨ ᠠᠷᠠᠳ ᠢ ᠰᠠᠶᠢᠨ ᠰᠠᠶᠢᠬᠠᠨ ᠵᠠᠮ ᠬᠠᠷᠢᠯᠴᠠᠭᠠᠨ ᠤ ᠳᠠᠳᠬᠠᠯ ᠪᠠ ᠪᠣᠯᠪᠠᠰᠤᠨ ᠢᠶᠠᠷ ᠲᠡᠷᠭᠡ ᠵᠢᠯᠣᠭᠤᠳᠬᠤ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠤᠬᠠᠮᠰᠠᠷ ᠲᠠᠢ ᠪᠣᠯᠭᠠᠵᠤ᠂ ᠬᠥᠮᠦᠨ ᠪᠦᠬᠦᠨ ᠪᠣᠯᠪᠠᠰᠤᠨ ᠵᠠᠮ ᠬᠠᠷᠢᠯᠴᠠᠭᠠᠨ ᠤ ᠣᠷᠣᠯᠴᠠᠭᠴᠢ᠂ ᠰᠠᠨᠠᠭᠠᠴᠢᠯᠠᠭᠴᠢ᠂ ᠤᠯᠠᠮᠵᠢᠯᠠᠭᠴᠢ ᠪᠣᠯᠬᠤ ᠪᠠᠷ ᠴᠢᠷᠮᠠᠶᠢᠵᠤ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠤᠢ ᠪᠤᠯᠭᠠᠨ᠎ᠠ︾ ᠭᠡᠵᠦ ᠤᠯᠠᠭᠠᠨᠬᠤᠳᠠ ᠶᠢᠨ ᠵᠢᠷᠤᠮ ᠤᠨ ᠴᠠᠬᠳᠠᠭ᠎ᠠ ᠪᠤᠯᠤᠨ ᠵᠠᠮ ᠬᠠᠷᠢᠯᠴᠠᠭᠠᠨ ᠤ ᠰᠠᠶᠢᠨ ᠳᠤᠷᠠᠴᠤᠤᠯ ᠢᠯᠡᠳᠭᠡᠵᠡᠭᠡᠨ᠎ᠠ᠃
                                           ᡁᠢ ᠮᠢᠨ     ᠯᠢ ᠵᠢᠶᠠ ᠡᠸ᠋ᠨ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号