ᠮᠠ ᠵᠢᠶᠠ ᠭᠸᠤ ᠳᠠᠬᠢ ᠬᠤᠶᠠᠳᠤᠭᠠᠷ ᠬᠤᠭᠤᠴᠠᠭᠠᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠦᠷᠤᠯ ᠵᠤᠶᠢᠯ ᠤᠨ ᠠᠵᠢᠯ ᠢᠶᠠᠨ ᠡᠬᠢᠯᠡᠬᠦᠯᠦᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/5/14
   ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ︽ᠭᠤᠷᠪᠠᠨ ᠤᠮᠠᠷᠠᠲᠤ︾ ᠶᠢᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠢᠳᠡᠭᠳᠡᠯ ᠤᠨ ᠭᠤᠤ ᠵᠢᠯᠠᠭ᠎ᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠮᠠ ᠵᠢᠶᠠ ᠭᠧᠦ ᠶᠢᠨ ᠬᠤᠶᠠᠳᠤᠭᠠᠷ ᠬᠤᠭᠤᠴᠠᠭᠠᠨ ᠤ ᠲᠥᠷᠥᠯ  ᠵᠤᠶᠢᠯ ᠵᠢᠩᠬᠢᠨᠢ ᠪᠠᠷ ᠠᠵᠢᠯ ᠡᠬᠢᠯᠡᠬᠦᠯᠪᠡ᠃       ᠤᠯᠠᠭᠠᠨᠬᠤᠲᠠ ᠶᠢᠨ ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠢᠳᠡᠭᠳᠡᠯ ᠤᠨ ᠭᠤᠤ ᠵᠢᠯᠠᠭ᠎ᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠮᠠ ᠵᠢᠶᠠ ᠭᠸᠤ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠶᠠᠭ ᠴᠠᠭ ᠢ ᠠᠮᠵᠢᠨ ᠲᠤᠮᠤ ᠬᠡᠯᠪᠡᠷᠢ ᠶᠢᠨ ᠮᠠᠰᠢᠨ ᠮᠧᠬᠠᠨᠢᠭ ᠢᠶᠠᠷ ᠰᠢᠷᠣᠢ ᠤᠷᠪᠠᠭᠤᠯᠵᠤ᠂ ᠴᠢᠯᠠᠭᠤ ᠵᠥᠭᠡᠭᠡᠪᠦᠷᠢᠯᠡᠨ ᠶᠠᠭᠠᠷᠠᠯᠲᠠᠢ ᠪᠠᠶᠢᠳᠠᠯ ᠢᠯᠡᠷᠡᠨ᠎ᠠ᠃
     ᠲᠥᠷᠥᠯ ᠵᠤᠶᠢᠯ ᠤᠨ ᠬᠠᠷᠢᠭᠤᠴᠠᠯᠭᠠᠲᠠᠨ ᠸᠠᠩ ᠵᠠᠨ ᠵᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠤᠯᠠᠭᠠᠨᠬᠤᠲᠠ ᠶᠢᠨ 2024 ᠣᠨ ᠤ ᠢᠳᠡᠭᠳᠡᠯ ᠭᠤᠤ ᠶᠢᠨ ᠲᠥᠷᠥᠯ ᠵᠤᠶᠢᠯ ᠢ 4 ᠰᠠᠷ᠎ᠠ ᠶᠢᠨ 25 ᠤ ᠡᠳᠦᠷ ᠠᠴᠠ ᠵᠢᠩᠬᠢᠨᠢ ᠪᠠᠷ ᠠᠵᠢᠯ ᠡᠬᠢᠯᠡᠭᠦᠯᠵᠦ᠂ ᠵᠢᠱᠢᠯᠲᠡ ᠪᠠᠷ 6 ᠰᠠᠷ᠎ᠠ ᠶᠢᠨ 20 ᠤ ᠡᠳᠦᠷ ᠶᠡᠷᠦᠩᠬᠡᠶ ᠢᠨᠵᠧᠨᠧᠷᠢᠩ ᠤᠨ ᠬᠡᠮᠵᠢᠶ᠎ᠡ ᠶᠢᠨ 90% ᠶᠢ ᠪᠡᠶᠡᠯᠡᠭᠦᠯᠦᠨ᠎ᠡ ᠭᠡᠵᠡᠶ᠃      ᠤᠯᠠᠭᠠᠨᠬᠤᠲᠠ ︽ᠰᠡᠷᠭᠡᠶᠢᠯᠡᠬᠦ ᠪᠠᠷ ᠭᠤᠣᠯ ᠪᠣᠯᠭᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠦᠬᠦ ᠲᠠᠯ᠎ᠠ ᠪᠠᠷ ᠲᠥᠯᠥᠪᠵᠢᠭᠦᠯᠬᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠭᠤᠣᠯᠳᠠᠯᠭ᠎ᠠ ᠶᠢ ᠳᠣᠪᠤᠶᠢᠯᠭᠠᠬᠤ ︾ ᠬᠥᠷᠥᠰᠥ ᠰᠢᠷᠣᠶ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠵᠠᠷᠴᠢᠮ ᠶᠣᠰᠣᠭᠠᠷ᠂ ᠪᠢᠲᠡᠭᠦᠮᠵᠢᠯᠡᠨ ᠪᠤᠶᠢᠵᠢᠭᠤᠯᠬᠤ᠂ ᠵᠡᠪᠡ ᠶᠢᠨ ᠬᠠᠰᠢᠯᠭ᠎ᠠ᠂ ᠤᠷᠤᠰᠬᠤ ᠶᠢ ᠰᠡᠷᠭᠡᠶᠢᠯᠡᠨ ᠨᠠᠯᠠᠤ ᠶᠢ ᠬᠠᠮᠠᠭᠠᠯᠠᠬᠤ ᠵᠡᠷᠭᠡ ᠵᠠᠰᠠᠯᠲᠠ ᠶᠢᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠤᠷᠭᠤᠮᠠᠯ ᠤᠨ ᠬᠤᠴᠢᠯᠭ᠎ᠠ ᠶᠢᠨ ᠤᠰᠤ ᠬᠠᠳᠠᠭᠠᠯᠠᠵᠤ ᠬᠥᠷᠥᠰᠥ ᠰᠢᠷᠣᠢ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠵᠡᠷᠭᠡ ᠠᠮᠢ ᠠᠬᠤᠢ ᠶᠢᠨ ᠴᠢᠳᠠᠪᠬᠢ ᠶᠢ ᠳᠡᠭᠡᠭᠰᠢᠯᠡᠭᠦᠯᠵᠦ᠂ ᠲᠦᠷᠦᠯ ᠵᠦᠢᠯ ᠤᠨ ᠣᠷᠣᠨ ᠤ ᠦᠢᠯᠡᠳᠪᠦᠷᠢᠯᠡᠯ ᠤᠨ ᠨᠥᠬᠦᠴᠡᠯ ᠢ ᠶᠡᠬᠡᠪᠡᠷ ᠰᠠᠶᠢᠵᠢᠷᠠᠭᠤᠯᠵᠤ᠂ ᠤᠰᠤ ᠬᠠᠳᠠᠭᠠᠯᠠᠵᠤ ᠬᠥᠷᠥᠰᠥ ᠰᠢᠷᠣᠢ ᠶᠢ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠢ ᠴᠢᠩᠭᠠᠳᠬᠠᠵᠤ᠂ ᠲᠦᠷᠦᠯ ᠵᠦᠢᠯ ᠤᠨ ᠣᠷᠣᠨ ᠤ ᠢᠳᠡᠭᠳᠡᠯ ᠤᠨ ᠭᠤᠤ ᠶᠢᠨ ᠬᠥᠭᠵᠢᠯᠲᠡ ᠶᠢ ᠬᠤᠷᠢᠭᠯᠠᠵᠠᠢ᠃  
    ᠤᠯᠠᠭᠠᠨᠬᠤᠲᠠ ᠶᠢᠨ ᠬᠥᠷᠥᠰᠥ ᠰᠢᠷᠣᠶ ᠶᠢ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠭᠠᠵᠠᠷ ᠤᠨ ᠮᠡᠷᠭᠡᠵᠢᠯ ᠤᠨ ᠬᠠᠷᠢᠭᠤᠴᠠᠯᠭᠠᠲᠠᠨ ᠬᠥ᠋ ᠰᠢᠩ ᠯᠢᠨ ᠢᠯᠡᠷᠬᠡᠶᠢᠯᠡᠬᠦ ᠳᠡᠭᠡᠨ᠂ ᠢᠳᠡᠭᠳᠡᠯ  ᠤᠨ ᠭᠤᠤ ᠶᠢ ᠵᠠᠰᠠᠬᠤ ᠢᠨᠵᠧᠨᠧᠷᠢᠩ ᠪᠣᠯ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠪᠣᠯᠤᠨ᠎ᠠ᠂ ᠡᠨᠡ ᠵᠢᠯ ᠨᠡᠶᠢᠳᠡ 7400 ᠲᠦᠮᠡᠨ ᠲᠥᠭᠦᠷᠢᠭ ᠤᠨ ᠪᠡᠯᠡ ᠣᠷᠣᠭᠤᠯᠵᠤ ᠳᠤᠮᠳᠠ ᠬᠡᠯᠪᠡᠷᠢ ᠶᠢᠨ ᠢᠳᠡᠭᠳᠡᠯ ᠤᠨ ᠭᠤᠤ ᠶᠢ 164 ᠵᠠᠰᠠᠬᠤ ᠪᠠᠷ ᠲᠥᠯᠥᠪᠯᠡᠵᠦ᠂ ᠢᠨᠵᠧᠨᠧᠷᠢᠩ ᠢ ᠬᠡᠷᠡᠭᠵᠢᠭᠦᠯᠦᠭᠰᠡᠨ ᠤ ᠲᠠᠷᠠᠭ᠎ᠠ᠂ ᠵᠠᠰᠠᠵᠤ ᠪᠣᠯᠬᠤ ᠬᠥᠷᠥᠰᠥ ᠰᠢᠷᠣᠶ ᠶᠢᠨ ᠢᠳᠡᠭᠳᠡᠯ  ᠤᠨ ᠲᠠᠯᠠᠪᠠᠢ 4288hm²᠂ ᠵᠢᠯ ᠪᠦᠷᠢ 1.97 ᠲᠦᠮᠡᠨ t ᠬᠥᠷᠥᠰᠥ ᠰᠢᠷᠣᠶ ᠶᠢ ᠬᠠᠮᠠᠭᠠᠯᠠᠵᠤ᠂ 0.7 ᠲᠦᠮᠡᠨ m³ ᠤᠰᠤ ᠬᠠᠮᠠᠭᠠᠯᠠᠵᠤ᠂ ᠵᠢᠯ ᠪᠦᠷᠢ ᠠᠵᠤ ᠠᠬᠤᠶ ᠶᠢᠨ ᠣᠷᠣᠯᠭ᠎ᠠ ᠶᠢ 36.57 ᠲᠦᠮᠡᠨ ᠲᠥᠭᠦᠷᠢᠭ ᠨᠡᠮᠡᠭᠳᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠤᠯᠠᠭᠠᠨᠬᠤᠲᠠ ︽ᠤᠮᠠᠷᠠᠲᠤ ᠶᠢᠨ ᠭᠤᠷᠪᠠᠨ ᠣᠷᠣᠨ︾ ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠲᠦᠷᠦᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号