ᠬᠤᠷᠠᠭ᠎ᠠ ᠶᠢ ᠡᠬᠡ ᠠᠴᠠ ᠨᠢ ᠰᠠᠯᠭᠠᠭᠰᠠᠨ ᠡᠬᠢᠨ ᠤ ᠬᠤᠭᠤᠴᠠᠭ᠎ᠠ ᠪᠠ ᠤᠭᠵᠢᠬᠤ ᠮᠡᠷᠭᠡᠵᠢᠯ
ᠨᠡᠶᠢᠲᠡᠯᠡᠭᠰᠡᠨ ᠴᠠᠭ᠄
2024/5/14
   ᠨᠢᠭᠡ᠂ ᠮᠡᠷᠭᠡᠵᠢᠯ ᠤᠨ ᠲᠦᠢᠮᠣᠴᠢᠯᠠᠯ ᠬᠤᠷᠠᠭ᠎ᠠ ᠵᠢᠴᠢ ᠪᠡᠯᠡᠳᠬᠡᠯ ᠬᠤᠨᠢ ᠪᠣᠯ ᠬᠤᠨᠢᠨ ᠤ ᠠᠵᠤ ᠦᠢᠯᠡᠰ ᠤᠨ ᠰᠠᠭᠤᠷᠢ ᠪᠣᠯᠣᠨ᠎ᠠ᠃ ᠬᠤᠷᠠᠭ᠎ᠠ ᠪᠤᠶᠢᠵᠢᠭᠤᠯᠬᠤ ᠳᠤ ᠪᠣᠳᠠᠲᠠᠢ ᠣᠷᠣᠰᠢᠵᠤ ᠪᠠᠶᠢᠭ᠎ᠠ ᠭᠤᠣᠯ ᠠᠰᠠᠭᠤᠳᠠᠯ ᠭᠡᠪᠡᠯ᠂ ᠬᠥᠬᠦᠭᠦᠯᠬᠦ ᠬᠤᠭᠤᠴᠠᠭ᠎ᠠ ᠨᠢ 90 ᠡᠳᠦᠷ ᠪᠠᠶᠢᠳᠠᠭ ᠴᠦ ᠪᠤᠶᠢᠵᠢᠯᠳᠠ ᠶᠢᠨ ᠨᠣᠷᠮ᠎ᠠ ᠨᠢ 80% ᠬᠦᠷᠳᠡᠭ ᠦᠭᠡᠢ᠂ ᠬᠦᠨᠳᠦ ᠶᠢᠨ ᠨᠡᠮᠡᠭᠳᠡᠯ ᠨᠢ ᠤᠳᠠᠭᠠᠨ᠂ ᠵᠠᠷᠤᠴᠠᠭᠤᠯᠤᠯᠳᠠ ᠶᠢᠨ ᠨᠣᠷᠮ᠎ᠠ ᠨᠢ ᠳᠣᠣᠷ᠎ᠠ ︵ᠶᠡᠷᠦ ᠳᠡᠭᠡᠨ 12 ᠰᠠᠷ᠎ᠠ ᠬᠡᠷᠡᠭᠰᠡᠨ᠎ᠡ︶᠂ ᠴᠢᠨᠠᠷ ᠰᠠᠶᠢᠲᠠᠢ ᠪᠡᠯᠡᠳᠬᠡᠯ ᠬᠤᠨᠢᠨ ᠤ ᠢᠷᠡᠯᠲᠡ ᠨᠢ ᠬᠦᠷᠦᠯᠴᠡᠬᠦ ᠦᠭᠡᠢ ᠠᠴᠠ ᠪᠣᠯᠵᠤ᠂ ᠠᠵᠤ ᠦᠢᠯᠡᠰ ᠤᠨ ᠬᠥᠭᠵᠢᠯᠲᠡ ᠳᠤ ᠪᠡᠯᠡᠳᠬᠡᠯ ᠬᠦᠴᠦᠨ ᠲᠤᠲᠠᠭᠳᠠᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠳᠣᠣᠷ᠎ᠠ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠦᠷ᠎ᠡ ᠠᠰᠢᠭ ᠳᠣᠣᠷ᠎ᠠ ᠪᠣᠯᠵᠤ᠂ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠰᠢᠭᠤᠳ ᠨᠦᠯᠦᠭᠡᠯᠡᠳᠡᠭ᠃ ︽ᠬᠤᠷᠠᠭ᠎ᠠ ᠶᠢ ᠡᠬᠡ ᠠᠴᠠ ᠨᠢ ᠰᠠᠯᠭᠠᠭᠰᠠᠨ ᠡᠬᠢᠨ ᠤ ᠬᠤᠭᠤᠴᠠᠭ᠎ᠠ ᠪᠠ ᠤᠭᠵᠢᠬᠤ ᠮᠡᠷᠭᠡᠵᠢᠯ︾ ᠢ 2000 ᠣᠨ ᠠᠴᠠ ᠡᠬᠢᠯᠡᠨ ᠰᠤᠳᠤᠯᠵᠤ᠂ ᠣᠳᠣᠬᠠᠨ ᠳᠤ ᠨᠢᠭᠡᠨᠲᠡ ᠨᠢᠭᠡ ᠢᠵᠢ ᠬᠤᠷᠠᠭᠠᠨ ᠤ ᠰᠦ ᠶᠢ ᠤᠷᠤᠯᠠᠭᠤᠯᠬᠤ ᠦᠢᠯᠡᠳᠬᠦᠨ ᠢ ᠰᠤᠳᠤᠯᠤᠨ ᠨᠡᠭᠡᠭᠡᠬᠦ᠂ ᠲᠡᠵᠢᠭᠡᠬᠦ ᠳᠤ ᠰᠠᠭᠤᠷᠢᠯᠠᠭᠰᠠᠨ ᠠᠩᠬᠠᠨ ᠤ ᠬᠤᠭᠤᠴᠠᠭᠠᠨ ᠤ ᠰᠦ ᠠᠴᠠ ᠨᠢ ᠰᠠᠯᠭᠠᠬᠤ ᠡᠷᠡᠭᠦᠯ ᠢᠶᠠᠷ ᠪᠤᠶᠢᠵᠢᠭᠤᠯᠬᠤ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠲᠣᠰ ᠮᠡᠷᠭᠡᠵᠢᠯ ᠢ ᠪᠥᠬᠦ ᠤᠯᠤᠰ ᠲᠤ 10 ᠭᠠᠷᠤᠢ ᠵᠢᠯ ᠳᠡᠯᠭᠡᠷᠡᠭᠦᠯᠦᠨ ᠬᠡᠷᠡᠭᠯᠡᠭᠡᠳ ᠬᠤᠨᠢ ᠲᠡᠵᠢᠭᠡᠬᠦ ᠡᠷᠦᠬᠡ ᠳᠤ ᠮᠡᠳᠡᠷᠡᠭᠳᠡᠵᠦ᠂ ᠬᠤᠷᠠᠭ᠎ᠠ ᠶᠢᠨ ᠪᠤᠶᠢᠵᠢᠯᠳᠠ ᠶᠢᠨ ᠨᠣᠷᠮ᠎ᠠ ᠶᠢ ᠳᠡᠭᠡᠭᠰᠢᠯᠡᠭᠦᠯᠬᠦ ᠬᠠᠮᠤᠭ ᠤᠨ ᠲᠡᠷᠢᠭᠦᠨ ᠰᠤᠩᠭᠤᠯᠲᠠ ᠶᠢᠨ ᠮᠡᠷᠭᠡᠵᠢᠯ ᠪᠣᠯᠤᠭᠰᠠᠨ ᠪᠠᠶᠢᠨ᠎ᠠ᠃     ᠬᠤᠶᠠᠷ᠂ ᠮᠡᠷᠭᠡᠵᠢᠯ ᠤᠨ ᠭᠤᠣᠯᠳᠠᠯᠭ᠎ᠠ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠬᠦ ᠠᠷᠭ᠎ᠠ ᠪᠠ ᠡᠳᠦᠷ ᠤᠨ ᠪᠣᠷᠳᠤᠭ᠎ᠠ ᠶᠢ ᠨᠠᠶᠢᠷᠠᠭᠤᠯᠬᠤ ᠮᠡᠷᠭᠡᠵᠢᠯ᠃ ᠬᠤᠷᠠᠭ᠎ᠠ ᠲᠦᠯᠯᠡᠭᠰᠡᠨ ᠤ ᠳᠠᠷᠠᠭᠠᠬᠢ 1~7 ᠡᠳᠦᠷ ᠤᠨ ᠬᠤᠭᠤᠴᠠᠭᠠᠨ ᠳᠤ ᠡᠬᠡ ᠪᠠᠨ ᠬᠦᠬᠦᠵᠦ᠂ 7~14 ᠡᠳᠦᠷ ᠤᠨ ᠬᠤᠭᠤᠴᠠᠭᠠᠨ ᠳᠤ ᠡᠬᠡ ᠶᠢᠨ ᠰᠦ ᠪᠠ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠬᠦ ᠰᠢᠯᠵᠢᠯᠲᠡ ᠶᠢᠨ ᠬᠤᠭᠤᠴᠠᠭ᠎ᠠ ᠶᠢ ᠦᠩᠭᠡᠷᠡᠭᠡᠨ᠂ 15 ᠡᠳᠦᠷ ᠤᠨ ᠬᠤᠭᠤᠴᠠᠭᠠᠨ ᠳᠤ ᠡᠬᠡ ᠶᠢᠨ ᠰᠦ ᠠᠴᠠ ᠨᠢ ᠰᠠᠯᠭᠠᠵᠤ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠵᠦ᠂ 20 ᠡᠳᠦᠷ ᠤᠨ ᠬᠤᠭᠤᠴᠠᠭᠠᠨ ᠳᠤ ᠬᠤᠷᠠᠭᠠᠨ ᠤ ᠵᠠᠳᠠᠭᠠᠢ ᠪᠤᠷᠳᠤᠭ᠎ᠠ ᠶᠢ ᠳᠤᠷ᠎ᠠ ᠪᠠᠷ ᠨᠢ ᠢᠳᠡᠭᠦᠯᠦᠨ᠎ᠡ᠃ ᠪᠣᠳᠠᠲᠠᠢ ᠠᠷᠭ᠎ᠠ ᠨᠢ ᠳᠣᠣᠷᠠᠬᠢ ᠮᠡᠲᠦ᠄ ᠰᠦ ᠶᠢ ᠤᠷᠤᠯᠠᠭᠤᠯᠬᠤ ᠲᠠᠯᠬ᠎ᠠ ᠢᠶᠠᠷ ᠲᠡᠵᠢᠭᠡᠬᠦ ᠠᠴᠠ ᠡᠮᠦᠨ᠎ᠡ ᠪᠤᠴᠠᠯᠤᠭᠰᠠᠨ ᠤ ᠳᠠᠷᠠᠭ᠎ᠠ ᠬᠥᠷᠥᠭᠡᠭᠡᠳ 50℃ ᠪᠣᠯᠬᠤ ᠬᠠᠯᠠᠭᠤᠨ ᠤᠰᠤ ᠪᠠᠷ ᠰᠦᠨ ᠲᠠᠯᠬ᠎ᠠ᠄ ᠤᠰᠤ =1᠄ ︵5 ~ 7︶ ᠬᠠᠷᠢᠴᠠᠯ ᠢᠶᠠᠷ ᠳᠡᠪᠲᠦᠭᠡᠵᠦ᠂ ᠳᠠᠬᠢᠨ ᠬᠥᠷᠥᠭᠡᠭᠡᠳ 40℃ ᠤᠷᠴᠢᠮ ᠪᠤᠯᠭᠠᠭᠠᠳ ᠲᠡᠵᠢᠭᠡᠨ᠎ᠡ᠃ ᠲᠡᠵᠢᠭᠡᠭᠰᠡᠨ ᠤ ᠳᠠᠷᠠᠭ᠎ᠠ ᠴᠡᠪᠡᠷ ᠠᠯᠴᠢᠭᠤᠷ ᠢᠶᠠᠷ ᠬᠤᠷᠠᠭᠠᠨ ᠤ ᠵᠠᠪᠠᠵᠢ ᠳᠤ ᠨᠠᠭᠠᠯᠳᠤᠭᠰᠠᠨ ᠰᠦᠨ ᠰᠢᠩᠭᠡᠨ ᠢ ᠵᠦᠯᠭᠦᠵᠦ ᠴᠡᠪᠡᠷᠯᠡᠨ᠎ᠡ᠃ ᠬᠤᠷᠠᠭᠠᠨ ᠤ ᠥᠰᠦᠯᠲᠡ ᠪᠤᠶᠢᠵᠢᠯᠲᠠ ᠶᠢᠨ ᠪᠠᠶᠢᠳᠠᠯ ᠢ ᠦᠨᠳᠦᠰᠦᠯᠡᠨ 60 ~ 90 ᠡᠳᠦᠷ ᠤᠨ ᠬᠤᠭᠤᠴᠠᠭᠠᠨ ᠳᠤ ᠰᠦ ᠶᠢ ᠤᠷᠤᠯᠠᠭᠤᠯᠬᠤ ᠦᠢᠯᠡᠳᠬᠦᠨ ᠪᠤᠶᠤ ᠰᠢᠩᠭᠡᠨ ᠪᠡᠶᠡᠲᠦ ᠲᠡᠵᠢᠭᠡᠯ ᠢ ᠵᠣᠭᠰᠣᠭᠠᠵᠤ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠲᠠᠷᠭᠤᠯᠠᠭᠤᠯᠬᠤ ᠬᠤᠭᠤᠴᠠᠭᠠᠨ ᠳᠤ ᠣᠷᠣᠭᠤᠯᠤᠨ᠎ᠠ᠂ ᠬᠤᠷᠠᠭᠠᠨ ᠤ ᠥᠰᠦᠯᠲᠡ ᠪᠤᠶᠢᠵᠢᠯᠲᠠ ᠪᠣᠯᠣᠨ ᠪᠡᠶ᠎ᠡ ᠶᠢᠨ ᠬᠦᠨᠳᠦ ᠶᠢᠨ ᠬᠤᠪᠢᠷᠠᠯᠲᠠ ᠶᠢ ᠦᠨᠳᠦᠰᠦᠯᠡᠨ ᠲᠡᠵᠢᠭᠡᠯ ᠪᠤᠷᠳᠤᠭ᠎ᠠ ᠨᠦᠬᠦᠪᠦᠷᠢᠯᠡᠬᠦ ᠬᠡᠮᠵᠢᠶ᠎ᠡ ᠪᠠᠨ ᠢᠳᠡᠭ ᠢᠳᠡᠭ ᠢᠶᠠᠷ ᠨᠡᠮᠡᠭᠳᠡᠭᠦᠯᠵᠦ᠂ 6 ᠰᠠᠷ᠎ᠠ ᠪᠤᠯᠤᠭᠰᠠᠨ ᠤ ᠳᠠᠷᠠᠭ᠎ᠠ ᠵᠠᠷᠤᠴᠠᠭᠤᠯᠤᠯᠳᠠ ᠳᠤ ᠤᠷᠤᠭᠤᠯᠤᠨ᠎ᠠ᠃ ᠬᠤᠷᠠᠭᠠᠨ ᠤ ᠵᠠᠳᠠᠭᠠᠢ ᠪᠤᠷᠳᠤᠭᠠᠨ ᠤ ᠢᠳᠡᠰᠢᠨ ᠤ ᠨᠠᠶᠢᠷᠠᠯᠭ᠎ᠠ ᠨᠢ ᠡᠷᠳᠡᠨᠢ ᠰᠢᠰᠢ 70%᠂ ᠰᠢᠬᠠᠳᠠᠰᠤ ᠶᠢᠨ ᠲᠦᠷᠦᠯ 20%᠂ ᠬᠡᠪᠡᠭ 5%᠂ ᠬᠤᠯᠢᠮᠠᠭ ᠰᠢᠭᠠᠷᠤ 3.5%᠂ ᠳᠠᠪᠤᠰᠤ 0. 5%᠂ ᠸᠢᠲ᠋ᠠᠮᠢᠨ ᠪᠣᠯᠣᠨ ᠪᠢᠴᠢᠯ ᠡᠯᠧᠮᠧᠨ᠋ᠲ ᠤᠨ ᠬᠤᠯᠢᠮᠠᠭ ᠲᠡᠵᠢᠭᠡᠯ ᠪᠣᠷᠳᠤᠭ᠎ᠠ 1%᠃ ᠬᠤᠨᠤᠭ ᠤᠨ ᠲᠡᠵᠢᠭᠡᠯ ᠤᠨ ᠨᠠᠶᠢᠷᠠᠯᠭ᠎ᠠ ᠶᠢ ᠬᠤᠷᠠᠭᠠᠨ ᠤ ᠪᠡᠶ᠎ᠡ ᠶᠢᠨ ᠪᠠᠶᠢᠳᠠᠯ ᠢ ᠦᠨᠳᠦᠰᠦᠯᠡᠨ ᠲᠣᠬᠢᠷᠠᠭᠤᠯᠵᠤ᠂ ᠲᠦᠷᠭᠡᠨ ᠦᠰᠦᠯᠳᠡ ᠪᠠ ᠪᠤᠶᠢᠵᠢᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃      
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号