ᠠᠶᠤᠯ ᠭᠡᠮ ᠢ ᠠᠷᠢᠯᠭᠠᠵᠤ ᠠᠮᠤᠷ ᠲᠦᠪᠰᠢᠨ ᠢ ᠪᠠᠳᠤᠯᠠᠨ᠎ᠠ
ᠨᠡᠶᠢᠲᠡᠯᠡᠭᠰᠡᠨ ᠴᠠᠭ᠄
2024/5/15
         ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠪᠣᠯᠤᠨ ᠱᠧᠩᠯᠢ ᠲᠣᠮᠢᠯᠠᠭᠰᠠᠨ ᠰᠠᠯᠪᠤᠷᠢ ᠬᠤᠯᠪᠣᠭᠠᠯᠠᠨ ᠱᠧᠩᠯᠢ ᠬᠠᠷᠢᠶ᠎ᠠ ᠣᠷᠣᠨ ᠳᠤ ᠲᠥᠪᠯᠡᠷᠡᠩᠭᠦᠶ ᠪᠠᠶᠢᠴᠠᠭᠠᠯᠲᠠ ᠬᠢᠵᠡᠶ᠃ ᠲᠤᠰ ᠠᠵᠢᠯᠯᠠᠭ᠎ᠠ ᠶᠢᠨ ᠭᠤᠣᠯᠳᠠᠯᠭ᠎ᠠ ᠨᠢ ᠠᠷᠢᠬᠢᠨ ᠮᠤᠬᠤᠯᠠᠭ᠂ KTV᠂  ᠪᠡᠶ᠎ᠡ ᠤᠬᠢᠶᠠᠯᠭ᠎ᠠ᠂ ᠪᠠᠭᠤᠳᠠᠯ ᠤᠨ ᠦᠢᠯᠡᠰ ᠵᠡᠷᠭᠡ ᠠᠵᠢᠯ ᠲᠥᠷᠥᠯ ᠤᠨ ᠲᠠᠯᠠᠪᠤᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂  ᠰᠢᠷᠠᠮᠠᠯ ᠢᠳᠡᠭᠡᠨ ᠤ ᠰᠥᠨᠢ ᠶᠢᠨ ᠵᠠᠬ᠎ᠠ ᠳᠡᠯᠭᠡᠭᠦᠷ ᠵᠡᠷᠭᠡ ᠬᠦᠮᠤᠨ ᠬᠠᠷ᠎ᠠ ᠤᠯᠠᠨ ᠴᠤᠭᠯᠠᠷᠠᠬᠤ ᠭᠠᠵᠠᠷ ᠢᠶᠠᠷ ᠲᠥᠪᠯᠡᠷᠡᠭᠦᠯᠦᠨ ᠲᠣᠭᠤᠷᠢᠨ ᠪᠠᠶᠢᠴᠠᠭᠠᠵᠤ ᠤᠬᠠᠭᠤᠯᠤᠨ ᠰᠡᠷᠭᠡᠶᠢᠯᠡᠵᠠᠢ᠃ ᠪᠠᠰᠠ ᠴᠠᠬᠢᠯᠭᠠᠨ ᠬᠤᠯᠪᠣᠭ᠎ᠠ ᠪᠤᠯᠤᠨ ᠰᠦᠯᠵᠢᠶ᠎ᠡ ᠶᠢᠨ ᠮᠡᠬᠡᠯᠡᠯ᠂ ᠬᠤᠤᠷ ᠲᠠᠳᠠᠬᠤ ᠪᠤᠶᠤ ᠵᠣᠭᠤᠰ ᠨᠠᠭᠠᠳᠬᠤ ᠶᠢ ᠴᠠᠭᠠᠵᠠᠯᠠᠬᠤ᠂ ᠭᠠᠯ ᠢ ᠰᠡᠷᠭᠡᠶᠢᠯᠡᠵᠦ ᠬᠤᠯᠠᠭᠠᠶ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠯᠠᠮᠵᠢᠯᠠᠵᠤ᠂ ᠥᠷᠭᠡᠨ ᠣᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠶᠢ ᠰᠠᠬᠢᠬᠤ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠠᠢ᠃    
                           ᠢᠦᠢ ᠲᠢᠶᠠᠨ ᠢᠦᠢ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号