ᠤᠯᠠᠭᠠᠨᠬᠤᠲᠠ ᠤᠯᠠᠨ ᠲᠦᠮᠡᠨ ᠤ ᠤᠷᠤᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠦ ᠪᠤᠢ
ᠨᠡᠶᠢᠲᠡᠯᠡᠭᠰᠡᠨ ᠴᠠᠭ᠄
2024/5/15
    ᠵᠢᠯ ᠤᠨ ᠡᠬᠢᠨ ᠠᠴᠠ ᠨᠠᠭᠠᠰᠢ᠂ ᠬᠢᠩᠭᠠᠨ ᠠᠶᠢᠮᠠᠭ ᠤᠨ ᠤᠯᠠᠭᠠᠨᠬᠤᠲᠠ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠷᠠᠤᠨ ᠤᠯᠠᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠂ ᠬᠤᠲᠠ ᠬᠥᠳᠡᠭᠡ ᠶᠢᠨ ︽ᠥᠩᠭᠡ ᠲᠦᠷᠰᠦ︾ ᠶᠢ ᠭᠤᠶᠣᠯᠠᠭᠰᠠᠨ ᠪᠠᠶᠢᠨ᠎ᠠ᠃     ᠡᠨᠡ ᠵᠢᠯ ᠠᠴᠠ ᠨᠠᠭᠠᠰᠢ᠂ ᠤᠯᠠᠭᠠᠨᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠬᠤᠲᠠ ᠬᠥᠳᠡᠭᠡ ᠶᠢᠨ ᠤᠷᠴᠢᠨ ᠲᠤᠭᠤᠷᠢᠨ ᠠᠷᠢᠭᠤᠨ ᠴᠡᠪᠡᠷ᠂ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠪᠠ᠃ ᠲᠤᠰ ᠬᠡᠷᠡᠭ ᠡᠷᠬᠢᠯᠡᠬᠦ ᠭᠠᠵᠠᠷ ᠲᠣᠰᠬᠤᠨ ᠬᠤᠪᠢᠶᠠᠬᠤ᠂ ᠬᠡᠰᠡᠭ ᠬᠤᠪᠢᠶᠠᠬᠤ᠂ ᠵᠢᠵᠢᠭ ᠲᠣᠭᠤᠷᠢᠭ ᠬᠤᠪᠢᠶᠠᠬᠤ ᠠᠵᠢᠯ ᠤᠨ ᠵᠠᠭᠪᠤᠷ ᠢᠶᠠᠷ ᠠᠷᠠᠤᠨ ᠤᠯᠠᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠦᠩᠭᠡᠷᠡᠭᠰᠡᠨ ᠵᠢᠯ ᠳᠤ ᠨᠡᠶᠢᠳᠡ 400 ᠭᠠᠷᠤᠶ ᠬᠥᠮᠦᠨ ᠤᠳᠠᠭ᠎ᠠ ᠶᠢ ᠵᠣᠬᠢᠶᠠᠨ ᠪᠠᠶᠢᠭᠤᠯᠤᠨ ᠲᠠᠶᠢᠴᠢᠯᠠᠵᠤ᠂ 20 ᠭᠠᠷᠤᠶ ᠤᠳᠬᠤᠭᠤᠷ ᠲᠡᠷᠭᠡ ᠶᠢ ᠬᠥᠳᠡᠯᠭᠡᠵᠦ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ᠂ ᠰᠠᠭᠤᠭᠠᠯᠢ ᠠᠷᠠᠤᠨ ᠤᠨ ᠲᠣᠭᠤᠷᠢᠭ ᠲᠤᠳᠤᠷᠠᠬᠢ ᠤᠪᠤᠭᠠᠯᠠᠰᠤᠳᠠᠢ ᠬᠡᠷᠡᠭᠯᠡᠭᠡᠨ ᠤ ᠪᠤᠳᠠᠰ ᠢ 100 ᠭᠠᠷᠤᠶ ᠡᠮᠬᠢᠯᠡᠨ ᠲᠢᠭᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠪᠠ᠃     ᠰᠢᠨ ᠴᠧᠩ ᠵᠡᠭᠡᠯᠢ ᠶᠢᠨ ᠮᠠᠨᠳᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠦ ᠳ᠋ᠠᠨ᠄ ᠳᠠᠷᠠᠭᠠᠴᠢ ᠶᠢᠨ ᠠᠯᠬᠤᠮ ᠳᠤ ᠰᠢᠨ ᠴᠧᠩ ᠵᠡᠭᠡᠯᠢ ᠶᠢᠨ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠠᠯ᠎ᠠ ᠶᠢᠨ ᠬᠦᠴᠦᠨ ᠢ ᠲᠠᠶᠢᠴᠢᠯᠠᠵᠦ᠂ ᠡᠯ᠎ᠡ ᠲᠦᠷᠦᠯ ᠤᠨ ᠡᠬᠢ ᠪᠠᠶᠠᠯᠢᠭ ᠢ ᠨᠡᠶᠢᠳᠭᠡᠵᠦ᠂ ᠬᠠᠷᠢᠶ᠎ᠠ ᠣᠷᠣᠨ ᠤ ᠨᠡᠷ᠎ᠡ ᠬᠦᠨᠳᠦ ᠶᠢ ᠳᠡᠭᠡᠭᠰᠢᠯᠡᠭᠦᠯᠵᠦ᠂ ᠠᠮᠤᠷ ᠲᠦᠪᠰᠢᠨ᠂ ᠴᠡᠪᠡᠷ ᠲᠡᠭᠰᠢ᠂ ᠡᠶ᠎ᠡ ᠵᠣᠬᠢᠴᠠᠩᠭᠤᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ ᠭᠡᠪᠡ᠃     ᠠᠷᠠᠤᠨ ᠤᠯᠠᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠭᠡᠭᠡᠨᠰᠦ᠋ᠮ᠎ᠠ ᠪᠠᠯᠭᠠᠰᠤ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠤᠬᠴᠠᠵᠢᠭᠤᠯᠬᠤ ᠠᠵᠢᠯ ᠢ ᠥᠷᠨᠢᠭᠦᠯᠵᠦ᠂ ᠯᠢᠤᠢ ᠵᠢᠶᠧ ᠺᠣᠮᠫᠠᠨᠢ ᠪᠠ ᠴᠡᠪᠡᠷ ᠭᠡᠷ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠢ ᠭᠤᠷᠪᠠᠨ ᠲᠠᠯ᠎ᠠ ᠶᠢᠨ ᠵᠥᠪᠯᠡᠯᠴᠡᠭᠡᠷ ᠲᠣᠭᠲᠠᠵᠠᠢ᠃ ᠡᠭᠦᠨ ᠳᠤ ᠴᠡᠪᠡᠷ ᠭᠡᠷ ᠤᠨ ᠶᠠᠪᠤᠳᠠᠯ ᠤᠨ ᠦᠢᠯᠡᠴᠢᠯᠡᠭᠡᠨ ᠤ ᠲᠥᠪ ᠭᠡᠭᠡᠨᠰᠦ᠋ᠮ᠎ᠠ ᠪᠠᠯᠭᠠᠰᠤ ᠶᠢᠨ ᠭᠡᠪᠴᠢᠶᠡᠨ ᠳᠤ ᠠᠷᠢᠭᠤᠨ ᠴᠡᠪᠡᠷ ᠢ ᠬᠠᠮᠠᠭᠠᠯᠠᠬᠤ ᠦᠢᠯᠡᠴᠢᠯᠡᠭᠡ ᠬᠠᠩᠭᠠᠵᠤ᠂ ᠯᠢᠤᠢ ᠵᠢᠶᠧ ᠺᠣᠮᠫᠠᠨᠢ ᠲᠣᠭᠲᠠᠭᠰᠠᠨ ᠬᠤᠭᠤᠴᠠᠭ᠎ᠠ ᠲᠠᠢ ᠪᠠᠷ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠶᠢ ᠬᠠᠷᠢᠭᠤᠴᠠᠬᠤ ᠪᠤᠯᠤᠨ᠎ᠠ᠃                                                             ︵ᠴᠡᠩᠭᠡᠯ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号