| ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ | ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ | ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠪᠣᠯᠤᠨ ᠱᠧᠩᠯᠢ ᠲᠣᠮᠢᠯᠠᠭᠰᠠᠨ | ᠰᠠᠯᠪᠤᠷᠢ ᠬᠤᠯᠪᠣᠭᠠᠯᠠᠨ ᠱᠧᠩᠯᠢ ᠬᠠᠷᠢᠶ᠎ᠠ ᠣᠷᠣᠨ ᠳᠤ ᠲᠥᠪᠯᠡᠷᠡᠩᠭᠦᠶ ᠪᠠᠶᠢᠴᠠᠭᠠᠯᠲᠠ ᠬᠢᠵᠡᠶ᠃ ᠲᠤᠰ | ᠠᠵᠢᠯᠯᠠᠭ᠎ᠠ ᠶᠢᠨ ᠭᠤᠣᠯᠳᠠᠯᠭ᠎ᠠ ᠨᠢ ᠠᠷᠢᠬᠢᠨ ᠮᠤᠬᠤᠯᠠᠭ᠂ KTV᠂ ᠪᠡᠶ᠎ᠡ ᠤᠬᠢᠶᠠᠯᠭ᠎ᠠ᠂ ᠪᠠᠭᠤᠳᠠᠯ ᠤᠨ ᠦᠢᠯᠡᠰ | ᠵᠡᠷᠭᠡ ᠠᠵᠢᠯ ᠲᠥᠷᠥᠯ ᠤᠨ ᠲᠠᠯᠠᠪᠤᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠰᠢᠷᠠᠮᠠᠯ ᠢᠳᠡᠭᠡᠨ ᠤ | ᠰᠥᠨᠢ ᠶᠢᠨ ᠵᠠᠬ᠎ᠠ ᠳᠡᠯᠭᠡᠭᠦᠷ ᠵᠡᠷᠭᠡ ᠬᠦᠮᠤᠨ ᠬᠠᠷ᠎ᠠ ᠤᠯᠠᠨ ᠴᠤᠭᠯᠠᠷᠠᠬᠤ ᠭᠠᠵᠠᠷ ᠢᠶᠠᠷ ᠲᠥᠪᠯᠡᠷᠡᠭᠦᠯᠦᠨ ᠲᠣᠭᠤᠷᠢᠨ | ᠪᠠᠶᠢᠴᠠᠭᠠᠵᠤ ᠤᠬᠠᠭᠤᠯᠤᠨ ᠰᠡᠷᠭᠡᠶᠢᠯᠡᠵᠠᠢ᠃ ᠪᠠᠰᠠ ᠴᠠᠬᠢᠯᠭᠠᠨ ᠬᠤᠯᠪᠣᠭ᠎ᠠ ᠪᠤᠯᠤᠨ ᠰᠦᠯᠵᠢᠶ᠎ᠡ ᠶᠢᠨ ᠮᠡᠬᠡᠯᠡᠯ᠂ | ᠬᠤᠤᠷ ᠲᠠᠳᠠᠬᠤ ᠪᠤᠶᠤ ᠵᠣᠭᠤᠰ ᠨᠠᠭᠠᠳᠬᠤ ᠶᠢ ᠴᠠᠭᠠᠵᠠᠯᠠᠬᠤ᠂ ᠭᠠᠯ ᠢ ᠰᠡᠷᠭᠡᠶᠢᠯᠡᠵᠦ ᠬᠤᠯᠠᠭᠠᠶ ᠶᠢ ᠰᠡᠷᠭᠡᠶᠢᠯᠡᠬᠦ | ᠵᠡᠷᠭᠡ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠯᠠᠮᠵᠢᠯᠠᠵᠤ᠂ ᠥᠷᠭᠡᠨ ᠣᠯᠠᠨ ᠲᠦᠮᠡᠨ ᠤ | ᠤᠬᠠᠮᠰᠠᠷ ᠠᠴᠠ ᠪᠠᠨ ᠬᠠᠤᠯᠢ ᠶᠢ ᠰᠠᠬᠢᠬᠤ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ | ᠳᠡᠭᠡᠭᠰᠢᠯᠡᠭᠦᠯᠵᠠᠢ᠃ | | ᠢᠦᠢ ᠲᠢᠶᠠᠨ ᠢᠦᠢ ᠰᠡᠭᠦᠳᠡᠷᠯᠡᠨ ᠮᠡᠳᠡᠭᠡᠯᠡᠪᠡ | |