ᠬᠦᠷᠰᠢ ᠵᠡᠷᠭᠡᠯᠡᠳᠡᠭᠡ ᠪᠠᠷ ᠢᠶᠠᠨ ᠴᠤᠭᠯᠠᠷᠠᠨ ᠬᠠᠮᠤᠭ ᠤᠯᠠᠨ ᠢᠶᠠᠷ ᠢᠶᠠᠨ ᠪᠠᠶᠠᠰᠤᠯᠴᠠᠨ᠎ᠠ
ᠨᠡᠶᠢᠲᠡᠯᠡᠭᠰᠡᠨ ᠴᠠᠭ᠄
2024/5/20
      ᠣᠶᠢᠷ᠎ᠠ ᠳᠤ᠂ ᠤᠯᠠᠭᠠᠨᠬᠤᠲᠠ ᠶᠢᠨ ᠠᠶᠢᠭᠦ᠋ᠸᠧ ᠵᠡᠭᠡᠯᠢ ᠶᠢᠨ ᠫᠦ᠋ ᠬᠤᠶ ᠨᠡᠶᠢᠭᠡᠮ ᠲᠣᠭᠤᠷᠢᠭ ᠤᠨ ᠬᠢᠨ ︽ᠬᠦᠮᠤᠨ ᠠᠷᠠᠳ ᠲᠤ ᠠᠰᠢᠭ ᠬᠦᠷᠲᠡᠭᠡᠬᠦ ᠤᠶᠢᠯᠡᠴᠢᠯᠡᠭᠡ ᠬᠥᠷᠰᠢ ᠵᠡᠷᠭᠡᠯᠡᠳᠡᠭᠡ ᠪᠠᠷ ᠢᠶᠠᠨ ᠪᠠᠶᠠᠰᠤᠯᠴᠠᠬᠤ︾ ᠪᠠᠷ ᠭᠤᠤᠯ ᠰᠡᠳᠦᠪ ᠪᠣᠯᠭᠠᠭᠰᠠᠨ ︽ᠠᠨᠠᠷ ᠤᠨ ᠦᠷ᠎ᠡ︾ ᠶᠢᠨ ᠬᠥᠷᠰᠢ ᠵᠡᠷᠭᠡᠯᠡᠳᠡᠭᠡ ᠶᠢᠨ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠶᠢ ᠡᠷᠭᠢᠯᠡᠪᠡ᠃ ᠨᠠᠶᠢᠷᠠᠯ ᠳᠠᠭᠤᠤ ︽ᠮᠢᠨᠦ ᠡᠬᠡ ᠤᠯᠤᠰ︾᠂ ᠳᠡᠪᠢᠬᠦᠷᠳᠤ ᠪᠥᠵᠢᠭ ︽ᠡᠳᠦᠷ ᠠᠴᠠ ᠡᠳᠦᠷ ᠥᠭᠡᠳᠡᠯᠡᠨ ᠮᠠᠨᠳᠤᠬᠤ︾ ᠵᠢᠴᠢ ᠠᠷᠠᠳ ᠤᠨ ᠬᠥᠭᠵᠢᠮ ᠤᠨ ᠲᠣᠭᠯᠠᠯᠲᠠ ︽ᠣᠪᠣᠭᠠᠨ ᠳᠠᠬᠢ ᠠᠭᠤᠯᠵᠠᠯᠲᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠡᠭᠡᠯᠵᠢᠯᠡᠨ ᠲᠣᠭᠯᠠᠪᠠ᠃ ᠡᠭᠦᠨ ᠠᠴᠠ ᠭᠠᠳᠠᠨ᠎ᠠ᠂ ᠲᠤᠬᠠᠶ ᠶᠢᠨ ᠲᠠᠯᠠᠪᠤᠷ ᠲᠤ ᠪᠠᠰᠠ ᠰᠠᠭᠤᠭᠠᠯᠢ ᠠᠷᠠᠳ ᠲᠤ ᠰᠤᠶᠢᠳᠭᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡ ᠬᠢᠬᠦ᠂ ᠲᠦᠷᠭᠡᠨ ᠠᠪᠤᠷᠠᠯᠳᠠ ᠶᠢᠨ ᠮᠡᠳᠡᠯᠭᠡ ᠶᠢᠨ ᠪᠣᠯᠪᠠᠰᠤᠷᠠᠯ ᠬᠦᠷᠳᠡᠭᠡᠬᠦ ᠪᠠ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠤᠶᠢᠯᠡᠴᠢᠯᠡᠭᠡ ᠬᠠᠩᠭᠠᠭᠰᠠᠨ ᠪᠠᠶᠢᠨ᠎ᠠ᠃ ᠠᠶᠢᠭᠦ᠋ᠸᠧ ᠵᠡᠭᠡᠯᠢ ᠶᠢᠨ ᠲᠣᠰ ᠤᠳᠠᠭᠠᠨ ᠤ ᠠᠵᠢᠯᠯᠠᠭ᠎ᠠ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠷᠢᠴᠠᠭ᠎ᠠ ᠶᠢ ᠨᠢᠭᠳᠠᠷᠠᠭᠤᠯᠵᠤ᠂ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠬᠥᠷᠰᠢ ᠵᠡᠷᠭᠡᠯᠡᠳᠡᠭᠡ ᠪᠠᠷ ᠢᠶᠠᠨ ᠰᠠᠬᠢᠨ ᠪᠠᠷᠠᠯᠠᠬᠤ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃  
           
                                       ᠵᠠᠩ ᠹᠦ᠋ ᠷᠤᠤ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号