ᠬᠢᠩᠭᠠᠨ ᠠᠶᠢᠮᠠᠭ ᠤᠨ ᠬᠢᠨ ︽ᠲᠤᠯᠠᠭᠠᠯᠠᠭ᠎ᠠ ᠶᠢᠨ  ᠢᠨᠵᠧᠨᠧᠷᠢᠩ︾ ᠢ ᠪᠦᠬᠦ ᠬᠦᠴᠦᠨ ᠢᠶᠠᠷ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/5/21
    ᠳᠤᠯᠠᠭᠠᠯᠠᠭ᠎ᠠ ᠬᠠᠩᠭᠠᠬᠤ ᠠᠵᠢᠯ ᠪᠦᠬᠦ ᠲᠠᠯ᠎ᠠ ᠪᠠᠷ ᠲᠠᠭᠤᠰᠤᠭᠰᠠᠨ ᠤ ᠲᠠᠷᠠᠭ᠎ᠠ᠂ ᠬᠢᠩᠭᠠᠨ ᠠᠶᠢᠮᠠᠭ ᠤᠨ ᠡᠯ᠎ᠡ ᠭᠠᠵᠠᠷ ᠤᠨ ᠬᠢᠨ ︽ᠲᠤᠬᠠᠢ ᠶᠢᠨ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠬᠤ᠂ ᠬᠤᠳᠠ ᠶᠢᠨ ᠪᠠᠶᠢᠳᠠᠯ ᠳᠤ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠬᠦᠯᠬᠦ᠂ ᠡᠪᠦᠯ ᠤᠨ ᠳᠤᠯᠠᠭᠠᠯᠠᠭ᠎ᠠ ᠶᠢᠨ ᠪᠡᠯᠡᠳᠭᠡᠯ ᠠᠵᠢᠯ ᠢ ᠡᠷᠳᠡ ᠠᠴᠠ ᠬᠢᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠣᠯᠠᠨ ᠲᠦᠮᠡᠨ ᠢ ᠰᠡᠳᠭᠢᠯ ᠬᠠᠨᠤᠮᠵᠢᠲᠠᠶ ᠪᠤᠯᠭᠠᠬᠤ︾ ᠵᠠᠷᠴᠢᠮ ᠶᠣᠰᠣᠭᠠᠷ᠂ ᠳᠤᠯᠠᠭᠠᠯᠠᠭ᠎ᠠ ᠬᠠᠩᠭᠠᠬᠤ ᠬᠤᠭᠤᠴᠠᠭᠠᠨ ᠳᠤ ᠢᠯᠡᠷᠡᠭᠰᠡᠨ ᠠᠳᠠᠯᠢ ᠪᠤᠰᠤ ᠠᠰᠠᠭᠤᠳᠠᠯ ᠳᠤ ᠴᠢᠭᠯᠡᠭᠦᠯᠦᠨ ᠦᠭᠡᠷᠡᠴᠢᠯᠡᠨ ᠰᠢᠨᠡᠳᠭᠡᠬᠦ ᠠᠵᠢᠯ ᠢ ᠪᠠᠴᠢᠮ ᠶᠠᠭᠠᠷᠠᠯᠲᠠᠶ ᠦᠷᠨᠢᠬᠦᠯᠵᠤ ᠪᠠᠶᠢᠨ᠎ᠠ     ᠤᠯᠠᠭᠠᠨᠬᠤᠲᠠ ᠶᠢᠨ ᠬᠢᠩᠭᠠᠨ ᠬᠤᠶᠠᠳᠤᠭᠠᠷ ᠪᠠᠭ᠎ᠠ ᠲᠣᠭᠤᠷᠢᠭ ᠤᠨ ᠲᠤᠯᠠᠭᠠᠯᠠᠭ᠎ᠠ ᠬᠠᠩᠭᠠᠬᠤ ᠬᠤᠭᠤᠯᠠᠶ ᠶᠢ ᠦᠭᠡᠷᠡᠴᠢᠯᠡᠨ ᠰᠢᠨᠡᠳᠭᠡᠬᠦ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠲᠤᠯᠠᠭᠠᠯᠠᠭ᠎ᠠ ᠬᠠᠩᠭᠠᠬᠤ ᠬᠤᠭᠤᠯᠠᠢ ᠤᠭᠰᠠᠷᠠᠭᠠᠳ ᠶᠠᠭᠠᠷᠠᠯᠳᠤᠨ᠎ᠠ᠃ ᠲᠣᠰ ᠰᠠᠭᠤᠭᠠᠯᠢ ᠠᠷᠠᠳ ᠤᠨ ᠲᠣᠭᠤᠷᠢᠭ ᠪᠠᠶᠢᠭᠤᠯᠤᠭᠳᠠᠭᠠᠳ ᠤᠳᠠᠭᠠᠨ ᠵᠢᠯ ᠪᠤᠯᠵᠦ ᠪᠠᠶᠢᠭ᠎ᠠ ᠪᠤᠯᠬᠤᠷ ᠭᠠᠵᠠᠷ ᠲᠤᠤᠷᠠᠬᠢ ᠲᠤᠯᠠᠭᠠᠯᠠᠭ᠎ᠠ ᠬᠠᠩᠭᠠᠬᠤ ᠬᠤᠭᠤᠯᠠᠢ ᠨᠢ ᠬᠦᠨᠳᠦ ᠨᠤᠴᠢᠳᠠᠢ ᠬᠠᠭᠤᠴᠢᠷᠠᠪᠠ᠃ ᠤᠯᠠᠭᠠᠨᠬᠤᠳᠠ ︽ᠲᠤᠯᠠᠭᠠᠯᠠᠭ᠎ᠠ ᠶᠢᠨ ᠢᠨᠵᠧᠨᠧᠷᠢᠩ︾   ᠢ ᠡᠬᠢᠯᠡᠭᠦᠯᠦᠭᠰᠡᠨ ᠤ ᠳᠠᠷᠠᠭ᠎ᠠ ᠂ ᠲᠤᠯᠠᠭᠠᠯᠠᠭ᠎ᠠ ᠬᠠᠩᠭᠠᠬᠤ ᠬᠤᠭᠤᠯᠠᠢ ᠶᠢ ᠦᠭᠡᠷᠡᠴᠢᠯᠡᠨ ᠰᠢᠨᠡᠳᠭᠡᠬᠦ ᠶᠢᠨ ᠬᠠᠮᠳᠦ ᠪᠤᠬᠢᠷ ᠤᠰᠤ ᠭᠠᠳᠠᠭᠰᠢᠯᠠᠭᠤᠯᠬᠤ ᠵᠡᠷᠭᠡ ᠢᠵᠢ ᠪᠦᠷᠢᠳᠦᠬᠦᠯᠦᠭᠰᠡᠨ ᠬᠤᠭᠤᠯᠠᠢ ᠶᠢ ᠪᠦᠬᠦᠨ ᠢ ᠰᠤᠯᠢᠵᠦ᠂ ᠰᠠᠭᠤᠭᠠᠯᠢ ᠠᠷᠠᠳ ᠤᠨ ᠵᠤᠯ ᠵᠢᠷᠭᠠᠯᠳᠦ ᠲᠦᠷᠦᠭᠳᠡᠯ ᠢ ᠤᠯᠠᠮ ᠢᠶᠠᠷ ᠲᠡᠭᠡᠭᠰᠢᠯᠡᠬᠦᠯᠪᠡ᠃     ᠡᠨᠡ ᠵᠢᠯ᠂ ᠬᠢᠩᠭᠠᠨ ᠠᠶᠢᠮᠠᠭ ᠤᠨ ᠬᠢᠨ ᠲᠤᠯᠠᠭᠠᠯᠠᠭ᠎ᠠ ᠬᠠᠩᠭᠠᠬᠤ ᠬᠤᠭᠤᠯᠠᠢ ᠶᠢ ᠦᠭᠡᠷᠡᠴᠢᠯᠡᠨ ᠰᠢᠨᠡᠳᠭᠡᠬᠦ ᠠᠬᠢᠴᠠ ᠶᠢ ᠲᠦᠷᠭᠡᠳᠭᠡᠨ᠂ ᠬᠠᠭᠤᠴᠢᠷᠠᠭᠰᠠᠨ ᠬᠤᠭᠤᠯᠠᠢ ᠶᠢ 132.38 ᠺᠢᠯᠣᠮᠧᠲᠷ ᠤᠷᠳᠤ ᠥᠭᠡᠷᠡᠴᠢᠯᠡᠨ ᠰᠢᠨᠡᠳᠭᠡᠵᠤ᠂ 6.66 ᠺᠢᠯᠣᠮᠧᠲᠷ ᠤᠷᠳᠤ ᠬᠤᠭᠤᠯᠠᠢ ᠶᠢ ᠰᠢᠨ᠎ᠡ ᠪᠠᠷ ᠤᠭᠰᠠᠷᠠᠵᠤ᠂ ᠬᠤᠶᠠᠳᠤᠭᠠᠷ ᠳᠡᠰ ᠤᠨ ᠬᠠᠭᠤᠴᠢᠷᠠᠭᠰᠠᠨ ᠬᠤᠭᠤᠯᠠᠶ ᠶᠢ 407.46 ᠺᠢᠯᠣᠮᠧᠲᠷ ᠤᠷᠳᠤ ᠥᠭᠡᠷᠡᠴᠢᠯᠡᠨ ᠰᠢᠨᠡᠳᠭᠡᠵᠦ᠂ ᠠᠰᠠᠷ ᠤᠨ ᠳᠤᠳᠤᠷ᠎ᠠ 136.98 ᠺᠢᠯᠣᠮᠧᠲᠷ ᠤᠷᠳᠤ ᠬᠤᠭᠤᠯᠠᠢ ᠤᠭᠰᠠᠷᠠᠵᠦ᠂ ᠰᠠᠭᠤᠭᠠᠯᠢ ᠠᠷᠠᠳ ᠤᠨ ᠲᠤᠯᠠᠭᠠᠯᠠᠭ᠎ᠠ ᠬᠠᠩᠭᠠᠬᠤ ᠲᠠᠢ ᠬᠤᠯᠪᠤᠭᠳᠠᠭᠰᠠᠨ ᠠᠰᠠᠭᠤᠳᠠᠯ ᠢ ᠰᠢᠰᠲ᠋ᠧᠮ ᠲᠠᠢ ᠰᠶᠢᠳᠪᠦᠷᠢᠯᠡᠬᠦ ᠪᠠᠷ ᠲᠦᠯᠦᠪᠯᠡᠵᠦ ᠪᠠᠶᠢᠨ᠎ᠠ᠃ ᠬᠢᠩᠭᠠᠨ ᠠᠶᠢᠮᠠᠭ ᠤᠨ ᠬᠢᠨ ᠪᠠᠰᠠ ᠲᠤᠯᠠᠭᠠᠯᠠᠭ᠎ᠠ ᠬᠠᠩᠭᠠᠬᠤ ᠭᠠᠵᠠᠷ ᠢ ᠰᠢᠨ᠎ᠡ ᠪᠠᠷ 3 ᠪᠠᠶᠢᠭᠤᠯᠵᠦ᠂ ᠲᠤᠯᠠᠭᠠᠯᠠᠭ᠎ᠠ ᠬᠠᠩᠭᠠᠬᠤ ᠴᠢᠳᠠᠪᠤᠷᠢ ᠶᠢ 1752 ᠲᠦᠮᠡᠨ ᠲᠡᠭᠰᠢ ᠲᠦᠷᠪᠡᠯᠵᠢᠨ ᠮᠧᠲᠷ ᠬᠦᠷᠭᠡᠵᠦ᠂ ︵ᠦᠷᠭᠡᠳᠭᠡᠨ ᠪᠠᠶᠢᠭᠤᠯᠤᠭᠰᠠᠨ︶ ᠲᠤᠯᠠᠭᠠᠯᠠᠭ᠎ᠠ ᠰᠤᠯᠢᠬᠤ ᠰᠢᠨ᠎ᠡ ᠦᠷᠳᠡᠭᠡ ᠶᠢ 11 ᠪᠠᠶᠢᠭᠤᠯᠵᠦ᠂ ᠲᠤᠯᠠᠭᠠᠯᠠᠭ᠎ᠠ ᠬᠠᠩᠭᠠᠬᠤ 242 ᠦᠷᠳᠡᠭᠡ ᠶᠢ ᠦᠭᠡᠷᠡᠴᠢᠯᠡᠨ ᠵᠠᠰᠠᠬᠤ ᠪᠠᠷ ᠲᠦᠯᠦᠪᠯᠡᠵᠦ ᠪᠠᠶᠢᠨ᠎ᠠ᠃     ︽ᠪᠢᠳᠡ ᠴᠠᠭ ᠬᠤᠭᠤᠴᠠᠭ᠎ᠠ ᠪᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠲᠤᠪᠤᠶᠢᠮ᠎ᠠ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠭᠤᠣᠯᠳᠠᠯᠭ᠎ᠠ ᠲᠠᠢ ᠣᠷᠣᠨ ᠪᠦᠰᠡ ᠶᠢ ᠤᠷᠢᠳᠠᠪᠠᠷ ᠦᠭᠡᠷᠡᠴᠢᠯᠡᠨ ᠰᠢᠨᠡᠳᠭᠡᠵᠦ ᠪᠠᠶᠢᠨ᠎ᠠ᠃ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠤᠨ ᠠᠵᠢᠯ ᠢ ᠡᠷᠳᠡ ᠠᠴᠠ ᠡᠬᠢᠯᠡᠬᠦᠯᠵᠦ᠂ ᠡᠷᠲᠡ ᠳᠠᠭᠤᠰᠬᠠᠬᠤ᠂ ᠡᠷᠲᠡ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠦ ᠪᠤᠢ᠃ ᠪᠠᠰᠠ ᠣᠯᠠᠨ ᠲᠦᠮᠡᠨ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠲᠦᠮᠡᠨ ᠤ ᠲᠥᠯᠥᠭᠡᠯᠡᠭᠴᠢ ᠬᠢᠭᠡᠳ ᠲᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠲᠠᠢ ᠲᠤᠭᠳᠠᠭᠰᠠᠨ ᠬᠤᠭᠤᠴᠠᠭ᠎ᠠ ᠲᠠᠢ ᠵᠦᠪᠳᠡᠯᠴᠡᠬᠦ ᠲᠤᠭᠳᠠᠴᠠ ᠶᠢ ᠬᠡᠷᠡᠭᠵᠢᠬᠦᠯᠵᠦ᠂ ᠤᠯᠠᠨ ᠲᠦᠮᠡᠨ ᠤ ᠰᠡᠳᠬᠢᠯ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠲᠡᠭᠡᠭᠰᠢᠯᠡᠬᠦᠯᠵᠦ ᠪᠠᠶᠢᠨ᠎ᠠ︾ ᠭᠡᠵᠦ ᠬᠢᠩᠭᠠᠨ ᠠᠶᠢᠮᠠᠭ ᠤᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠰᠢᠶᠤᠤ ᠴᠢ ᠹᠧᠩ ᠬᠡᠯᠡᠪᠡ᠃     ᠤᠶᠢᠯᠠᠭᠠᠯᠳᠠ ᠪᠠᠷ᠂ ᠡᠨᠡ ᠵᠢᠯ᠂ ᠬᠢᠩᠭᠠᠨ ᠠᠶᠢᠮᠠᠭ ᠤᠨ ᠬᠢᠨ ︽ᠲᠤᠯᠠᠭᠠᠯᠠᠭ᠎ᠠ ᠶᠢᠨ ᠢᠨᠵᠧᠨᠧᠷᠢᠩ︾   ᠤᠨ ᠲᠦᠷᠦᠯ ᠵᠦᠢᠯ ᠢ ᠨᠡᠶᠢᠳᠡ 31 ᠬᠡᠷᠡᠭᠵᠢᠬᠦᠯᠬᠦ ᠪᠠᠷ ᠲᠦᠯᠦᠪᠯᠡᠵᠦ᠂ 15 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠤᠷᠤᠭᠤᠯᠤᠨ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷᠦᠯ ᠵᠦᠢᠯ ᠢ ᠪᠦᠬᠦᠨ ᠢ ᠲᠠᠭᠤᠰᠬᠠᠬᠤ ᠪᠤᠯᠤᠨ᠎ᠠ ᠃                     ︵ᠭᠤᠤ ᠮᠢᠨ ᠨᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号