ᠤᠯᠠᠭᠠᠨᠬᠠᠳᠠ ᠪᠠᠯᠭᠠᠰᠤᠨ ᠤ ᠶᠤᠯᠤ ᠭᠠᠴᠠᠭᠠᠨ ᠳᠤ ᠤᠩᠰᠢᠯᠭ᠎ᠠ ᠶᠢᠨ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2024/5/21
  ᠬᠥᠳᠡᠭᠡ ᠲᠣᠰᠬᠤᠨ ᠤ ᠤᠩᠰᠢᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠡᠤᠬᠡᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠮᠦᠵᠢᠭᠦᠯᠬᠦ ᠪᠠᠷ᠂ 5 ᠰᠠᠷ᠎ᠠ ᠶᠢᠨ 18 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠢᠨ ᠬᠢᠩᠭᠠᠨ ᠠᠶᠢᠮᠠᠭ ᠤᠨ ᠰᠢᠨᠬᠤᠸᠠ ᠨᠣᠮ ᠤᠨ ᠳᠡᠯᠭᠡᠭᠦᠷ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠤᠶᠢᠯᠡᠴᠢᠯᠡᠭᠡᠨ ᠤ ᠲᠥᠪ ᠪᠠ ᠤᠯᠠᠭᠠᠨᠬᠠᠳᠠ ᠪᠠᠯᠭᠠᠰᠤᠨ ᠤ ᠶᠤᠯᠤ ᠭᠠᠴᠠᠭ᠎ᠠ ᠲᠠᠢ ᠬᠠᠮᠲᠤᠷᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃  
      ᠲᠠᠯ᠎ᠠ ᠨᠤᠲᠤᠭ ᠤᠨ ᠨᠣᠮ ᠤᠨ ᠥᠷᠥᠭᠡᠨ ᠳᠤ᠂ ᠰᠤᠷᠤᠭᠴᠢᠳ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠴᠠᠭ ᠢᠶᠠᠨ ᠠᠰᠢᠭᠯᠠᠵᠤ᠂ ᠨᠣᠮ ᠤᠨ ᠥᠷᠥᠭᠡᠨ ᠳᠤ ᠢᠷᠡᠵᠤ ᠥᠪᠡᠷ ᠤᠨ ᠳᠤᠷᠠᠲᠠᠢ ᠨᠣᠮ ᠢᠶᠠᠨ ᠰᠣᠩᠭᠤᠵᠤ᠂ ᠪᠢᠴᠢᠭ ᠤᠨ ᠰᠢᠷᠡᠭᠡᠨ ᠤ ᠪᠠᠨ ᠡᠮᠦᠨ᠎ᠡ ᠲᠦᠪ ᠰᠠᠭᠤᠵᠤ᠂ ᠠᠮᠳᠠᠷᠬᠠᠨ ᠤᠩᠰᠢᠬᠤ ᠶᠢᠨ ᠬᠠᠮᠲᠤ ᠨᠣᠮ ᠠᠴᠠ ᠰᠣᠷᠣᠭᠰᠠᠨ ᠰᠢᠨ᠎ᠡ ᠮᠡᠳᠡᠯᠭᠡ᠂ ᠰᠢᠨ᠎ᠡ ᠲᠦᠷᠦᠭᠳᠡᠯ ᠢᠶᠠᠨ ᠬᠤᠪᠢᠶᠠᠯᠴᠠᠵᠤ᠂ ᠭᠡᠷ ᠤᠨ ᠡᠭᠦᠳᠡᠨ ᠳᠠᠬᠢ ᠨᠣᠮ ᠤᠨ ᠥᠷᠥᠭᠡᠨ ᠳᠡᠭᠡᠨ ᠤᠩᠰᠢᠯᠭ᠎ᠠ ᠶᠢᠨ ᠪᠠᠶᠠᠷ ᠪᠠᠭ᠋ᠠᠳᠤᠯ ᠢ ᠡᠳ᠋ᠯᠡᠨ᠎ᠡ᠃
  ︽ᠲᠠᠯ᠎ᠠ ᠨᠤᠲᠤᠭ ᠤᠨ ᠨᠣᠮ ᠤᠨ ᠥᠷᠥᠭᠡ ᠶᠢ ᠰᠦᠢᠳᠬᠡᠯ ᠬᠤᠷᠢᠶᠠᠬᠤ ᠦᠭᠡᠶ ᠪᠠᠷ ᠨᠡᠭᠡᠭᠡᠬᠦ ᠨᠢ ᠭᠠᠴᠠᠭ᠎ᠠ ᠲᠣᠰᠬᠤᠨ ᠤ ᠠᠷᠠᠳ ᠢ ᠣᠶᠢᠷᠠᠯᠴᠠᠭ᠎ᠠ ᠭᠠᠵᠠᠷ ᠲᠤᠨᠢ ᠨᠣᠮ ᠤᠩᠰᠢᠭᠤᠯᠵᠤ ᠪᠣᠯᠬᠤ ᠪᠥᠭᠡᠳ ᠪᠠᠰᠠ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠳᠤ ᠳᠠᠰᠬᠠᠯ ᠬᠢᠬᠦ ᠰᠠᠶᠢᠨ ᠭᠠᠵᠠᠷ ᠪᠣᠯᠭᠠᠵᠤ ᠪᠣᠯᠤᠨ᠎ᠠ᠂ ᠪᠢᠳᠡ ᠨᠡᠩ ᠣᠯᠠᠨ ᠬᠡᠦᠬᠡᠳ ᠢ ᠳᠠᠭᠠᠭᠤᠯᠤᠨ ᠨᠣᠮ ᠤᠩᠰᠢᠭᠤᠯᠵᠤ᠂ ᠲᠡᠳᠡᠨ ᠳᠤ ᠨᠡᠩ ᠣᠯᠠᠨ ᠨᠣᠮ ᠤᠩᠰᠢᠬᠤ ᠲᠣᠬᠢᠶᠠᠯ ᠣᠯᠭᠤᠨ᠎ᠠ︾ ᠭᠡᠵᠦ ᠤᠯᠠᠭᠠᠨᠬᠠᠳᠠ ᠪᠠᠯᠭᠠᠰᠤ ᠶᠢᠨ ᠶᠤᠯᠤ ᠭᠠᠴᠠᠭ᠎ᠠ ᠶᠢᠨ ᠲᠠᠯ᠎ᠠ ᠨᠤᠲᠤᠭ ᠤᠨ ᠨᠣᠮ ᠤᠨ ᠦᠷᠦᠭᠡ ᠶᠢᠨ ᠬᠠᠮᠢᠶᠠᠷᠤᠭᠴᠢ ᠯᠢᠦ ᠰᠢᠶᠤᠤ ᠺᠦᠨ ᠬᠡᠯᠡᠪᠡ᠃        
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号