ᠲᠠᠪᠢᠨ ᠦᠷᠳᠡᠭᠡ ᠪᠠᠯᠭᠠᠰᠦ ᠤᠯᠠᠨ ᠲᠦᠮᠡᠨ ᠳᠤ ᠰᠢᠯᠢᠳᠡᠭ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠦ ᠪᠤᠢ
ᠨᠡᠶᠢᠲᠡᠯᠡᠭᠰᠡᠨ ᠴᠠᠭ᠄
2024/5/21
    ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠲᠠᠪᠢᠨ ᠦᠷᠳᠡᠭᠡ ᠪᠠᠯᠭᠠᠰᠦ ᠨᠢᠬᠳᠠᠷᠠᠬᠰᠠᠨ ᠬᠡᠯᠪᠡᠷᠢ ᠶᠢᠨ ᠡᠮᠴᠢᠯᠡᠬᠡᠨ ᠤ ᠡᠷᠡᠬᠦᠯ ᠬᠠᠮᠠᠭᠠᠯᠠᠯ ᠤᠨ ᠬᠠᠮᠳᠤ ᠶᠢᠨ ᠴᠤᠬᠴᠠ ᠶᠢᠨ ᠪᠠᠶᠢᠭᠤᠯᠤᠯᠳᠠ ᠪᠠᠷ ᠭᠠᠷᠳᠠᠴᠠ ᠪᠤᠯᠭᠠᠵᠦ᠂ ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠰ ᠤᠨ ᠪᠡᠯᠡ ᠤᠷᠤᠭᠤᠯᠤᠯᠳᠠ ᠶᠢ ᠲᠠᠰᠦᠷᠠᠯᠳᠠ ᠦᠬᠡᠢ ᠨᠡᠮᠡᠭᠳᠡᠬᠦᠯᠵᠤ᠂ ᠡᠮᠴᠢᠯᠡᠬᠡᠨ ᠤ ᠦᠢᠯᠡᠴᠢᠯᠡᠭᠡ ᠶᠢᠨ ᠪᠦᠬᠦᠶᠢᠯᠠ ᠬᠢᠷᠢ ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠵᠦ᠂ ᠤᠯᠠᠨ ᠲᠦᠮᠡᠨ ᠳᠤ ᠰᠢᠯᠢᠳᠡᠭ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠦ ᠪᠠᠶᠢᠨ᠎ᠠ᠃     ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠲᠠᠪᠢᠨ ᠦᠷᠳᠡᠭᠡ ᠪᠠᠯᠭᠠᠰᠦ ᠶᠢᠨ ᠱᠤ᠋ ᠭᠤᠸᠠᠩ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠲᠤ᠂ ᠡᠮᠴᠢᠯᠡᠬᠡᠨ ᠤ ᠠᠵᠢᠯᠳᠠᠨ ᠡᠪᠡᠳᠴᠢᠳᠡᠨ ᠳᠤ ᠡᠮ ᠶᠡᠬᠦᠯᠡᠵᠦ ᠦᠭᠬᠦᠭᠰᠡᠨ ᠪᠦᠭᠡᠳ ᠰᠢᠨᠵᠢᠯᠡᠬᠦ ᠤᠬᠠᠭᠠᠨᠴᠢ ᠠᠮᠢᠳᠦᠷᠠᠯ ᠤᠨ ᠲᠠᠳᠬᠠᠯ ᠲᠠᠢ ᠪᠠᠶᠢᠬᠤ ᠶᠢ ᠰᠠᠨᠠᠭᠤᠯᠵᠦ ᠪᠠᠶᠢᠯ᠎ᠠ᠃ ᠲᠤᠰᠬᠤᠨ ᠤ ᠠᠷᠠᠳ ᠪᠤᠤ ᠹᠦ᠋ ᠵᠧᠨ᠄ ︽ᠶᠡᠷᠦ ᠳᠡᠭᠡᠨ ᠪᠢᠳᠡᠨ ᠤ ᠲᠤᠯᠤᠭᠠᠢ ᠡᠪᠡᠳᠪᠡᠯ ᠱᠤ᠋ ᠭᠤᠸᠠᠩ ᠡᠷᠡᠬᠦᠯ ᠬᠠᠮᠠᠭᠠᠯᠠᠯ ᠤᠨ ᠲᠠᠰᠤᠭ ᠲᠤ ᠢᠷᠡᠵᠦ ᠡᠮᠴᠢᠯᠠᠭᠦᠯᠳᠡᠭ᠃ ᠤᠨᠴᠠᠭᠠᠶᠢᠯᠠᠨ ᠨᠠᠰᠦᠳᠠᠨ ᠤ ᠪᠡᠶ᠎ᠡ ᠨᠢ ᠵᠢᠭᠠᠬᠠᠨ ᠡᠪ ᠦᠬᠡᠢ ᠪᠤᠯᠪᠠᠯ ᠲᠤᠮᠤ ᠡᠮᠨᠡᠯᠬᠡ ᠶᠢᠨ ᠬᠤᠷᠢᠶᠠᠨ ᠳᠤ ᠤᠴᠢᠬᠤ ᠴᠢᠬᠤᠯᠡ ᠦᠬᠡᠢ᠂ ᠡᠬᠦᠳᠡᠨ ᠡᠮᠦᠨ᠎ᠡ ᠪᠠᠨ ᠦᠵᠡᠬᠦᠯᠴᠢᠬᠡᠨ᠎ᠡ︾ ᠬᠡᠵᠦ ᠶᠠᠷᠢᠵᠦ ᠪᠠᠶᠢᠯ᠎ᠠ᠃
    ᠤᠯᠠᠨ ᠲᠦᠮᠡᠨ ᠠᠴᠠ ᠬᠠᠮᠤᠭ ᠤᠨ ᠤᠶᠢᠷ᠎ᠠ᠂ ᠤᠯᠠᠨ ᠲᠦᠮᠡᠨ ᠳᠤ ᠰᠢᠭᠤᠳ ᠦᠢᠯᠡᠴᠢᠯᠡᠳᠡᠭ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠨᠢ ᠬᠦᠳᠡᠭᠡ ᠲᠤᠰᠬᠤᠨ ᠤ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠬᠦᠴᠢᠷ ᠪᠦᠭᠡᠳ ᠵᠠᠮ ᠬᠤᠯᠠ ᠠᠰᠠᠭᠤᠳᠠᠯ ᠢ ᠦᠨᠡᠨ ᠬᠦ ᠰᠶᠢᠳᠪᠦᠷᠢᠯᠡᠬᠦ ᠬᠦᠨᠳᠤ ᠡᠬᠦᠷᠬᠡ ᠶᠢ ᠡᠬᠦᠷᠭᠡᠯᠡᠨ᠂ ᠦᠨᠳᠦᠰᠦᠨ ᠱᠠᠳᠦᠨ ᠤ ᠤᠯᠠᠨ ᠲᠦᠮᠡᠨ ᠳᠤ ᠰᠠᠶᠢᠳᠦᠷ ᠦᠢᠯᠡᠴᠢᠯᠡᠬᠦ ᠶᠢᠨ ᠲᠦᠯᠦᠬᠡ᠂ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠦᠢᠯᠡᠴᠢᠯᠡᠭᠡ ᠪᠠᠨ ᠲᠠᠰᠦᠷᠠᠯᠳᠠ ᠦᠬᠡᠢ ᠬᠦᠨᠵᠡᠬᠡᠶᠢᠷᠡᠬᠦᠯᠦᠨ ᠦᠷᠭᠡᠳᠬᠡᠵᠦ᠂ ᠬᠠᠳᠠᠭᠤ ᠲᠤᠨᠤᠭ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠲᠡᠷᠢᠬᠦᠨ ᠤ ᠡᠮᠴᠢᠯᠡᠬᠡᠨ ᠤ ᠲᠦᠬᠦᠭᠡᠷᠦᠮᠵᠢ ᠤᠷᠤᠭᠤᠯᠤᠨ᠂ ᠲᠤᠰᠬᠤᠨ ᠤ ᠠᠷᠠᠳ ᠲᠤ ᠨᠡᠩ ᠲᠦᠬᠦᠮ ᠪᠦᠭᠡᠳ ᠰᠢᠯᠢᠳᠡᠭ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠨᠭ᠍ᠭᠠᠵᠦ᠂ ᠬᠦᠳᠡᠭᠡ ᠲᠤᠰᠬᠤᠨ ᠤ ᠤᠯᠠᠨ ᠲᠦᠮᠡᠨ ᠤ ᠤᠯᠠᠨ ᠡᠰᠢᠵᠢᠭᠰᠡᠨ ᠡᠮᠴᠢᠯᠡᠬᠡᠨ ᠤ ᠱᠠᠭᠠᠷᠳᠠᠯᠭ᠎ᠠ ᠶᠢ ᠴᠢᠷᠮᠠᠶᠢᠨ  ᠪᠡᠶᠡᠯᠡᠬᠦᠯᠵᠦ᠂ ᠤᠯᠠᠨ ᠲᠦᠮᠡᠨ ᠤ ᠡᠷᠡᠬᠦᠯ ᠬᠠᠮᠠᠭᠠᠯᠠᠯ ᠤᠨ ᠬᠦᠷᠳᠡᠮᠵᠢ ᠶᠢᠨ ᠲᠦᠷᠦᠭᠳᠡᠯ ᠢ ᠨᠡᠮᠡᠭᠳᠡᠬᠦᠯᠵᠦ ᠪᠠᠶᠢᠨ᠎ᠠ᠃  ︵ᠬᠠᠨ᠎ᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号