ᠰᠢᠩᠬᠡᠨ ᠢᠳᠡᠬᠡᠨ ᠪᠤᠶᠤ ᠬᠠᠷᠠᠰᠣ ᠢᠳᠡᠭᠡᠨ
ᠨᠡᠶᠢᠲᠡᠯᠡᠭᠰᠡᠨ ᠴᠠᠭ᠄
2024/5/22
    ᠪᠢᠳᠡ ᠦᠷᠭᠦᠯᠵᠢ ᠡᠮᠴᠢ ᠶᠢᠨ ᠰᠢᠩᠭᠡᠨ ᠢᠳᠡᠭᠡᠨ ᠤᠮᠳᠠᠭᠠᠨ ᠢᠳᠡᠬᠦ ᠬᠡᠷᠡᠭᠲᠡᠢ ᠭᠡᠰᠡᠨ ᠰᠠᠨᠠᠭᠤᠯᠭ᠎ᠠ ᠶᠢ ᠤᠯᠵᠤ ᠰᠤᠨᠤᠰᠳᠠᠬ᠃ ᠭᠡᠲᠡᠯ᠎ᠡ ᠣᠯᠠᠩᠬᠢ ᠬᠥᠮᠥᠰ ᠬᠠᠷᠠᠰᠣ ᠢᠳᠡᠭᠡᠨ ᠤᠮᠳᠠᠭᠠᠨ ᠤ ᠲᠤᠬᠠᠢ ᠪᠤᠷᠤᠭᠤ ᠲᠠᠨᠢᠯᠲᠠ ᠲᠠᠢ ᠪᠠᠶᠢᠵᠤ᠂ ᠬᠠᠷᠠᠰᠣ ᠢᠳᠡᠭᠡᠨ ᠪᠣᠯ ᠳᠠᠷᠤᠢ ︽ᠠᠯᠢ ᠴᠢᠳᠠᠬᠤ ᠪᠠᠷ ᠬᠠᠷᠠᠰᠣ ᠢᠳᠡᠭᠡᠨ ᠢᠳᠡᠵᠦ᠂ ᠮᠢᠬ᠎ᠠ ᠢᠳᠡᠵᠦ ᠪᠣᠯᠬᠤ ᠦᠭᠡᠢ︾ ᠭᠡᠵᠦ ᠦᠵᠡᠳᠡᠭ᠃ ᠦᠨᠡᠨ ᠳᠡᠭᠡᠨ ᠢᠩᠭᠢᠵᠦ ᠢᠳᠡᠬᠦ ᠨᠢ ᠰᠢᠮ᠎ᠡ ᠲᠡᠵᠢᠭᠡᠯ ᠤᠨ ᠲᠡᠩᠴᠡᠭᠦᠷᠢ ᠳᠤ ᠠᠰᠢᠭ ᠦᠭᠡᠢ ᠮᠥᠷᠲᠡᠭᠡᠨ ᠪᠡᠶ᠎ᠡ ᠮᠠᠬᠠᠪᠤᠳ ᠢ ᠴᠤ ᠮᠠᠭᠤᠳᠠᠭᠤᠯᠳᠠᠭ᠃     ᠰᠢᠩᠬᠡᠨ ᠬᠤᠭᠤᠯᠠ ᠢᠳᠡᠬᠦ ᠨᠢ ᠬᠠᠷᠠᠰᠣ ᠪᠤᠳᠠᠭ᠎ᠠ ᠢᠳᠡᠬᠦ ᠲᠠᠢ ᠠᠳᠠᠯᠢ ᠪᠢᠰᠢ     ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠭᠤᠣᠯ ᠰᠢᠯᠲᠠᠭᠠᠨ ᠨᠢ ᠮᠢᠬ᠎ᠠ ᠢᠳᠡᠬᠦ ᠶᠤᠮ ᠦᠦ ᠬᠠᠷᠠᠰᠣ ᠢᠳᠡᠬᠦ ᠶᠤᠮ ᠦᠦ ᠭᠡᠳᠡᠭ ᠲᠤ ᠪᠠᠶᠢᠬᠤ ᠪᠢᠰᠢ᠂ ᠬᠠᠷᠢᠨ ᠶᠠᠭᠤ ᠢᠳᠡᠬᠦ ᠪᠠ ᠬᠡᠳᠦᠢ ᠢᠳᠡᠬᠦ ᠳᠤ ᠪᠤᠢ᠂ ᠥᠭᠡᠷ᠎ᠡ ᠪᠠᠷ ᠬᠡᠯᠡᠪᠡᠯ ᠬᠥᠮᠥᠨ ᠤ ᠪᠡᠶ᠎ᠡ ᠶᠢᠨ ᠬᠡᠷᠡᠭᠰᠡᠬᠦ ᠰᠢᠮ᠎ᠡ ᠲᠡᠵᠢᠭᠡᠯ ᠤᠨ ᠪᠦᠷᠢᠯᠳᠦᠭᠦᠨ ᠪᠦᠷᠢᠨ ᠭᠦᠢᠴᠡᠳ ᠪᠠᠶᠢᠬᠤ ᠡᠰᠡᠬᠦ᠂ ᠬᠡᠮᠵᠢᠶ᠎ᠡ ᠨᠢ ᠳᠤᠬᠢᠷᠠᠮᠵᠢᠳᠠᠢ ᠪᠠᠶᠢᠬᠤ ᠡᠰᠡᠬᠦ ᠳᠤ ᠪᠠᠶᠢᠳᠠᠭ᠃     ᠲᠠᠬᠢᠶ᠎ᠠ᠂ ᠨᠤᠭᠤᠰᠤ᠂ ᠵᠢᠭᠠᠰᠤᠨ ᠮᠢᠬ᠎ᠠ ᠵᠡᠷᠭᠡ ᠨᠢ ᠰᠢᠮ᠎ᠡ ᠲᠡᠵᠢᠭᠡᠯ ᠤᠨ ᠴᠢᠬᠤᠯᠠ ᠢᠷᠡᠯᠲᠡ ᠪᠣᠯᠵᠤ᠂ ᠬᠥᠮᠥᠨ ᠤ ᠪᠡᠶ᠎ᠡ ᠶᠢᠨ ᠥᠰᠦᠯᠲᠡ ᠪᠤᠶᠢᠵᠢᠯᠲᠠ ᠪᠠ ᠰᠢᠨ᠎ᠡ ᠬᠠᠭᠤᠴᠢᠨ ᠤ ᠰᠣᠯᠢᠯᠴᠠᠭ᠎ᠠ ᠳᠤ ᠶᠡᠭᠡ ᠬᠡᠮᠵᠢᠶᠡᠨ ᠤ ᠴᠢᠨᠠᠷ ᠰᠠᠶᠢᠲᠠᠢ ᠤᠭᠤᠷᠠᠭ ᠪᠠ ᠥᠭᠡᠬᠦᠨ ᠬᠦᠴᠢᠯ ᠢ ᠬᠠᠩᠭᠠᠳᠠᠭ᠃ ᠡᠶᠢᠮᠦ ᠠᠴᠠ ᠡᠩ ᠤᠨ ᠬᠥᠮᠥᠰ ᠲᠤ ᠠᠪᠴᠤ ᠬᠡᠯᠡᠪᠡᠯ᠂ ᠮᠢᠬᠠᠨ ᠤ ᠲᠥᠷᠥᠯ ᠢ ᠵᠣᠬᠢᠬᠤ ᠬᠡᠮᠵᠢᠶ᠎ᠡ ᠪᠠᠷ ᠢᠳᠡᠪᠡᠯ ᠪᠡᠶ᠎ᠡ ᠶᠢᠨ ᠡᠷᠡᠭᠦᠯ ᠮᠡᠨᠳᠦ ᠳᠤ ᠮᠠᠰᠢ ᠠᠰᠢᠭᠲᠠᠢ ᠪᠠᠶᠢᠳᠠᠭ᠃     ᠡᠶᠢᠮᠦ ᠠᠴᠠ ᠡᠮᠴᠢ ᠶᠢᠨ ᠱᠠᠭᠠᠷᠳᠠᠯᠭ᠎ᠠ ᠨᠢ ᠮᠢᠬ᠎ᠠ ᠳᠤᠰᠤ ᠪᠠᠭᠠᠳᠠᠢ ᠢᠳᠡᠭᠡᠨ ᠪᠠᠶᠢᠭᠰᠠᠨ ᠴᠤ ᠴᠢᠳᠠᠬᠤ ᠶᠢᠨ ᠬᠢᠷᠢ ᠪᠠᠷ ᠮᠢᠬᠠᠲᠠᠢ ᠢᠳᠡᠭᠡᠨ ᠢ ᠢᠳᠡᠬᠦ ᠬᠡᠷᠡᠭᠲᠡᠢ᠃ ᠮᠢᠬᠠᠲᠠᠢ ᠢᠳᠡᠭᠡᠨ ᠤᠮᠳᠠᠭᠠᠨ ᠨᠢ ᠬᠥᠮᠥᠨ ᠤ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠨᠡᠬᠡᠳᠡᠰᠦ ᠶᠢᠨ ᠡᠰ ᠤᠨ ᠪᠦᠲᠦᠴᠡ ᠶᠢᠨ ᠪᠦᠷᠢᠨ ᠪᠦᠲᠦᠨ ᠪᠠᠶᠢᠬᠤ ᠶᠢ ᠪᠠᠲᠤᠯᠠᠨ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠲᠡᠯᠬᠦ ᠶᠢ ᠤᠳᠠᠭᠠᠰᠢᠷᠠᠭᠤᠯᠤᠨ᠂ ᠣᠷᠳᠣ ᠨᠠᠰᠤᠯᠠᠬᠤ ᠶᠢ ᠠᠬᠢᠭᠤᠯᠳᠠᠭ᠃     ᠢᠳᠡᠭᠡᠨ ᠢ ᠤᠯᠠᠨ ᠶᠠᠩᠵᠤᠴᠢᠯᠠᠬᠤ ᠪᠣᠯ ᠦᠨᠳᠦᠰᠦᠨ ᠵᠠᠷᠴᠢᠮ ᠮᠥᠨ     ᠲᠡᠭᠡᠪᠡᠯ ᠴᠣᠬᠤᠮ ᠶᠠᠭᠤ ᠶᠢ ᠵᠢᠩᠬᠢᠨᠢ ᠮᠢᠬ᠎ᠠ ᠳᠤᠰᠤ ᠪᠠᠭᠠᠳᠠᠢ ᠢᠳᠡᠭᠡᠨ ᠤᠮᠳᠠᠭᠠᠨ ᠭᠡᠬᠦ ᠪᠤᠢ︖     ᠦᠨᠡᠨ ᠳᠡᠭᠡᠨ ᠬᠠᠷᠢᠭᠤᠯᠲᠠ ᠨᠢ ᠲᠡᠶᠢᠮᠦ ᠪᠤᠳᠤᠯᠢᠶᠠᠨᠲᠠᠢ ᠪᠢᠰᠢ᠂ ᠬᠠᠮᠤᠭ ᠤᠨ ᠦᠨᠳᠦᠰᠦᠨ ᠵᠠᠷᠴᠢᠮ ᠪᠣᠯ ᠳᠠᠷᠤᠢ ᠢᠳᠡᠭᠡᠨ ᠢ ᠣᠯᠠᠨ ᠶᠠᠩᠵᠤ ᠶᠢᠨ ᠪᠣᠯᠭᠠᠬᠤ ᠶᠠᠪᠤᠳᠠᠯ ᠪᠣᠯᠣᠨ᠎ᠠ᠃ ᠭᠤᠣᠯ ᠢᠳᠡᠭᠡᠨ ᠨᠢ ᠨᠠᠷᠢᠮᠤ ᠲᠦᠮᠤᠰᠤ ᠶᠢᠨ ᠵᠦᠢᠯ ᠢᠶᠠᠷ ᠭᠤᠣᠯᠯᠠᠵᠤ᠂ ᠢᠳᠡᠰᠢᠨ ᠨᠣᠭᠤᠭ᠎ᠠ ᠪᠠ ᠵᠢᠮᠢᠰ ᠢ ᠵᠣᠬᠢᠬᠤ ᠬᠡᠮᠵᠢᠶ᠎ᠡ ᠪᠠᠷ ᠢᠯᠡᠭᠦᠦ ᠢᠳᠡᠵᠦ᠂ ᠦᠷᠭᠦᠯᠵᠢ ᠰᠦ᠂ ᠪᠤᠷᠴᠠᠭ ᠤᠨ ᠲᠦᠷᠦᠯ ᠪᠠ ᠵᠣᠬᠢᠬᠤ ᠬᠡᠮᠵᠢᠶᠡᠨ ᠤ ᠵᠢᠭᠠᠰᠤ᠂ ᠵᠢᠭᠦᠷᠲᠡᠨ᠂ ᠥᠨᠳᠡᠭᠡ᠂ ᠬᠠᠷ᠎ᠠ ᠮᠢᠬ᠎ᠠ ᠢᠳᠡᠬᠦ ᠬᠡᠷᠡᠭᠲᠡᠢ᠃ ᠡᠭᠦᠨ ᠤ ᠰᠠᠭᠤᠷᠢᠨ ᠳᠡᠭᠡᠷ᠎ᠡ ᠦᠨᠦᠷ ᠠᠮᠳᠠ ᠨᠢ ᠳᠠᠩ ᠴᠤᠯᠭᠤᠢ ᠪᠠᠶᠢᠬᠤ ᠶᠢ ᠡᠷᠬᠢᠮᠯᠡᠵᠦ᠂ ᠲᠣᠰᠣ ᠪᠠᠭ᠎ᠠ ᠳᠠᠪᠤᠰᠤ ᠪᠠᠭ᠎ᠠ ᠰᠢᠬᠢᠷ ᠪᠠᠭ᠎ᠠ ᠪᠠᠶᠢᠬᠤ ᠶᠢ ᠪᠠᠷᠢᠮᠳᠠᠯᠠᠪᠠᠯ ᠵᠤᠬᠢᠨ᠎ᠠ᠃     ᠡᠳᠦᠷ ᠳᠤᠳᠤᠮ ᠤᠨ ᠢᠳᠡᠬᠡᠨ ᠤᠮᠳᠠᠭᠠᠨ ᠳᠠᠭᠠᠨ ᠪᠠᠶᠢᠭᠠᠯᠢᠯᠢᠬ ᠢᠳᠡᠬᠡᠨ ᠤ ᠮᠠᠲ᠋ᠧᠷᠢᠶᠠᠯ ᠰᠤᠩᠭᠤᠬᠤ ᠶᠢ ᠠᠩᠬᠠᠷᠴᠤ᠂ ᠲᠦᠬᠦᠮᠬᠡᠨ ᠡᠳ᠋ᠰᠢᠬᠦᠯᠦᠨ ᠪᠣᠯᠪᠠᠰᠤᠷᠠᠭᠤᠯᠪᠠᠯ ᠪᠣᠯᠴᠢᠬᠠᠨ᠎ᠠ᠃ ᠬᠡᠳᠦ ᠳᠡᠯᠭᠡᠭᠦᠷ ᠤᠨ ᠵᠠᠷᠢᠮ ᠨᠠᠷᠢᠯᠢᠭ ᠪᠣᠯᠪᠠᠰᠤᠷᠠᠭᠤᠯᠤᠭᠰᠠᠨ ᠰᠤᠯᠠ ᠢᠳᠡᠭᠡᠨ ᠵᠢᠴᠢ ᠬᠤᠭᠤᠯᠠᠨ ᠭᠡᠷ ᠤᠨ ᠬᠠᠩᠭᠠᠭᠰᠠᠨ ᠠᠮᠲᠠᠲᠤ ᠵᠠᠭᠤᠰᠢ ᠨᠢ ᠶᠡᠷᠦ ᠳᠡᠭᠡᠨ ᠲᠣᠰᠣ ᠶᠡᠭᠡ᠂ ᠳᠠᠪᠤᠰᠤ ᠶᠡᠭᠡ᠂ ᠰᠢᠬᠢᠷ ᠥᠨᠳᠥᠷ ᠪᠠᠶᠢᠵᠤ᠂ ᠴᠢᠨᠠᠬᠰᠢᠯᠠᠭᠠᠳ ᠭᠤᠷᠪᠠᠨ ᠵᠦᠢᠯ ᠨᠢ ᠪᠦᠷ ᠥᠨᠳᠥᠷ ᠪᠠᠶᠢᠳᠠᠭ᠃ ᠦᠷᠬᠦᠯᠵᠢ ᠡᠶᠢᠮᠦᠷᠬᠦᠦ ︽ᠭᠤᠷᠪᠠᠨ ᠦᠨᠳᠦᠷ︾ ᠢᠳᠡᠬᠡᠨ ᠢᠳᠡᠪᠡᠯ ᠡᠮᠴᠢ ᠡᠷᠢᠵᠤ ︽ᠭᠤᠷᠪᠠᠨ ᠦᠨᠳᠦᠷ︾ ︵ᠴᠢᠰᠤᠨ ᠤ ᠥᠭᠡᠬᠦ ᠥᠨᠳᠥᠷ᠂ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ︶ ᠦᠵᠡᠭᠦᠯᠬᠦ ᠲᠦᠭᠰᠢᠭᠦᠷᠢ ᠴᠦ ᠶᠡᠭᠡ ᠪᠠᠷ ᠨᠡᠮᠡᠭᠳᠡᠳᠡᠭ᠃                       ︵︽ᠦᠪᠤᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠭᠦᠯᠪᠡ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号