ᠡᠶ᠎ᠡ ᠨᠠᠶᠢᠷᠠᠮᠳᠠᠭᠤ ᠦᠵᠡᠰᠬᠦᠯᠠᠩᠳᠦ ᠰᠠᠶᠢᠬᠠᠨ ᠰᠠᠨ ᠡᡁᠧ ᠳᠤᠰᠬᠤᠨ
ᠨᠡᠶᠢᠲᠡᠯᠡᠭᠰᠡᠨ ᠴᠠᠭ᠄
2024/5/23
       ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠤᠯᠠᠭᠠᠨᠬᠠᠳᠠ ᠪᠠᠯᠭᠠᠰᠤᠨ ᠤ ᠰᠠᠨ ᠡᡁᠧ ᠳᠤᠰᠬᠤᠨ ᠤ ᠠᠭᠤᠳᠠᠮ ᠳᠠᠯᠠᠪᠠᠢ ᠳᠤ ᠡᠭᠡᠰᠢᠭ ᠳᠠᠭᠤᠤ ᠬᠠᠨᠭ᠍ᠬᠢᠨᠠᠵᠦ᠂ ᠪᠦᠵᠢᠭ ᠤᠨ ᠪᠦᠯᠬᠦᠮ ᠤᠨ ᠳᠠᠷᠤᠭ᠎ᠠ ᠶᠢᠨ ᠵᠢᠩ ᠱᠤ᠋ ᠭᠡᠰᠢᠬᠦᠳ ᠢᠶᠠᠨ ᠳᠠᠭᠠᠭᠤᠯᠤᠨ ᠪᠦᠵᠢᠭ ᠤᠨ ᠪᠤᠯᠪᠠᠰᠤᠷᠠᠯ ᠬᠢᠨ᠎ᠠ᠃ ᠳᠡᠷᠡ᠄ ︽ᠰᠠᠨ ᠡᡁᠧ ᠲᠣᠰᠬᠤᠨ ᠪᠣᠯ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠰᠬᠤᠨ ᠪᠣᠯᠤᠨ᠎ᠠ᠂ ᠮᠠᠨ ᠤ ᠪᠥᠵᠢᠭ ᠤᠨ ᠪᠦᠯᠬᠦᠮ ᠳᠤ ᠬᠢᠲᠠᠳ ᠦᠨᠳᠦᠰᠦᠲᠡᠨ᠂ ᠰᠣᠯᠣᠩᠭᠤᠰ ᠦᠨᠳᠦᠰᠦᠲᠡᠨ᠂ ᠮᠣᠩᠭᠤᠯ ᠦᠨᠳᠦᠰᠦᠲᠡᠨ ᠤ ᠭᠡᠰᠢᠬᠦᠨ ᠪᠦᠷ ᠪᠠᠶᠢᠨ᠎ᠠ᠂ ᠪᠢᠳᠡ ᠳᠠᠭᠤᠤ ᠪᠥᠵᠢᠭ ᠤᠨ ᠲᠣᠭᠯᠠᠯᠲᠠ ᠪᠠᠷ ᠳᠠᠮᠵᠢᠨ ᠰᠠᠨ ᠡᡁᠧ ᠲᠣᠰᠬᠤᠨ ᠤ ᠠᠷᠠᠳ ᠤᠯᠠᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠵᠤ ᠵᠣᠯ ᠵᠢᠷᠭᠠᠯᠲᠤ ᠠᠮᠢᠳᠤᠷᠠᠯ ᠢᠶᠠᠨ ᠬᠠᠮᠳᠦᠪᠡᠷ ᠡᠳ᠋ᠯᠡᠬᠦ ᠬᠦᠰᠡᠯ ᠵᠤᠷᠢᠯᠳᠠ ᠪᠠᠨ ᠮᠠᠬᠳᠠᠨ ᠳᠠᠭᠤᠯᠠᠵᠦ ᠪᠠᠶᠢᠨ᠎ᠠ︾ ᠭᠡᠵᠦ ᠶᠠᠷᠢᠨ᠎ᠠ᠃        87 ᠵᠢᠯ ᠤᠨ ᠳᠤᠷᠰᠢ᠂ ᠰᠠᠨ ᠡᡁᠧ ᠲᠣᠰᠬᠤᠨ ᠳᠤ ᠰᠠᠭᠤᠷᠢᠰᠢᠭ᠎ᠠ ᠰᠤᠯᠤᠩᠭᠤᠰ᠂ ᠬᠢᠳᠠᠳ᠂ ᠮᠤᠩᠭᠤᠯ ᠂ ᠮᠠᠨᠵᠦ᠂ ᠳᠠᠭᠤᠷ᠂ ᠬᠤᠳᠤᠩ ᠵᠡᠷᠭᠡ 6 ᠦᠨᠳᠦᠰᠦᠳᠡᠨ ᠤ ᠠᠷᠠᠳ ᠲᠦᠮᠡᠨ ᠠᠮᠤᠭᠤᠯᠠᠩ ᠭᠤᠣᠯ᠂ ᠳᠤᠭᠤᠷ ᠤᠨ ᠭᠤᠣᠯ᠂ ᠬᠦᠢᠯᠡᠷ ᠤᠨ ᠭᠤᠣᠯ ᠵᠡᠷᠭᠡ ᠭᠤᠷᠪᠠᠨ ᠭᠤᠤᠯ ᠤᠨ ᠳᠠᠨᠵᠢᠨ ᠳᠤ ᠬᠠᠷᠢᠯᠴᠠᠨ ᠬᠦᠨᠳᠦᠳᠭᠡᠵᠦ᠂ ᠬᠠᠷᠢᠯᠴᠠᠨ ᠪᠦᠯᠬᠦᠮᠳᠡᠨ ᠡᠨᠡ ᠬᠦ ᠬᠠᠯᠠᠭᠤᠨ ᠳᠤᠯᠠᠭᠠᠨ ᠭᠡᠷ ᠪᠦᠯᠢ ᠶᠢ ᠪᠠᠶᠢᠭᠤᠯᠤᠬᠰᠠᠨ ᠪᠠᠶᠢᠨ᠎ᠠ᠃        ᠰᠠᠨ ᠾᠧ ᠲᠣᠰᠬᠤᠨ ᠤ ᠨᠠᠮ ᠤᠨ ᠡᠭᠦᠷ ᠤᠨ ᠱᠦᠵᠢ ᠰᠢᠤᠢ ᠵᠥᠩ ᠹᠧᠩ ᠠᠴᠠ ᠤᠶᠢᠯᠠᠭᠠᠬᠰᠠᠨ ᠨᠢ᠂ ᠰᠠᠨ ᠡᡁᠧ ᠳᠤᠰᠬᠤᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠲᠣᠰᠬᠤᠨ ᠤ ᠲᠦᠷᠢᠮ ᠠᠷᠠᠳ ᠤᠨ ᠭᠡᠷ᠎ᠡ ᠳᠤ ᠣᠷᠣᠭᠤᠯᠤᠨ᠂ ︽ᠠᠨᠠᠷ ᠤᠨ ᠦᠷ᠎ᠡ ᠰᠡᠳᠭᠢᠯ ᠢᠶᠠᠨ ᠨᠢᠭᠡᠳᠭᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠣᠶᠣᠯ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠬᠠᠭᠤᠯᠬᠤ ᠠᠩᠬᠢ ᠶᠢ ᠪᠠᠶᠢᠭᠤᠯᠵᠤ᠂ ︽ᠲᠣᠰᠬᠤᠨ ᠤ ᠲᠦᠷᠢᠮ ᠠᠷᠠᠳ ᠤᠨ ᠭᠡᠷ᠎ᠡ︾ ᠪᠠ ᠰᠠᠨ ᠡᡁᠧ ᠲᠣᠰᠬᠤᠨ ᠤ ᠳᠠᠭᠤᠤ ᠶᠢ ᠨᠠᠶᠢᠷᠠᠭᠤᠯᠤᠨ ᠵᠤᠬᠢᠶᠠᠬᠤ ᠶᠢᠨ ᠬᠠᠮᠳᠦ ᠰᠣᠶᠣᠯ ᠤᠨ ᠲᠣᠰᠬᠤᠨ ᠤ ᠳᠠᠷᠤᠭ᠎ᠠ ᠶᠢ ᠤᠷᠢᠨ᠂ ︽ᠠᠨᠠᠷ ᠤᠨ ᠦᠷ᠎ᠡ ᠶᠢᠨ ᠭᠡᠷ ᠪᠦᠯᠢ︾᠂ ︽ᠦᠵᠡᠰᠭᠦᠯᠡᠩᠲᠦ ᠰᠠᠶᠢᠬᠠᠨ ᠬᠦᠷᠢᠶᠡᠨ ᠬᠠᠰᠢᠶᠠᠨ ᠤ ᠵᠢᠱᠢᠶ᠎ᠡ ᠦᠵᠡᠭᠦᠯᠬᠦ ᠡᠷᠦᠬᠡ︾ ᠵᠡᠷᠭᠡ ᠶᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠬᠦᠯᠵᠢ ᠶᠢᠨ ᠴᠢᠨᠠᠷᠳᠠᠢ ᠥᠷᠨᠢᠭᠦᠯᠵᠦ ᠪᠤᠢ᠃        ᠤᠯᠠᠨ ᠵᠢᠯ ᠤᠨ ᠲᠤᠷᠰᠢ᠂ ᠰᠠᠨ ᠾᠧ ᠲᠣᠰᠬᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠪᠦᠯᠬᠦᠮᠳᠡᠨ ᠲᠡᠮᠡᠴᠡᠵᠦ᠂ ᠬᠠᠷᠢᠯᠴᠠᠨ ᠬᠠᠪᠰᠤᠷᠤᠯᠴᠠᠬᠤ ᠰᠠᠶᠢᠬᠠᠨ ᠰᠤᠷᠳᠠᠯ ᠢ ᠦᠶ᠎ᠠ ᠥᠶ᠎ᠠ ᠤᠯᠠᠮᠵᠢᠯᠠᠬᠰᠠᠭᠠᠷ ᠢᠷᠡᠪᠡ᠃ ︽ᠬᠠᠮᠤᠬ ᠠᠩᠬᠠᠨ ᠳᠠᠭᠠᠨ ᠵᠦᠪᠭᠡᠨ ᠰᠣᠯᠣᠩᠭᠤᠰ ᠦᠨᠳᠦᠰᠦᠲᠡᠨ ᠤ ᠰᠠᠭᠤᠭᠠᠯᠢ ᠠᠷᠠᠳ ᠤᠰᠤᠨ ᠲᠤᠲᠤᠷᠭ᠎ᠠ ᠲᠠᠷᠢᠵᠦ ᠪᠠᠶᠢᠯ᠎ᠠ᠃ ᠬᠤᠵᠢᠮ ᠨᠢ ᠤᠨᠴᠠᠭᠠᠢ ᠭᠠᠵᠠᠷ ᠵᠦᠢ ᠶᠢᠨ ᠳᠠᠪᠠᠭᠤᠯᠢᠬ ᠵᠢᠴᠢ ᠤᠰᠤᠨ ᠳᠤᠳᠤᠷᠭ᠎ᠠ ᠶᠢ ᠬᠦᠭᠵᠢᠬᠦᠯᠬᠦ ᠠᠷᠭ᠎ᠠ ᠪᠤᠳᠤᠯᠭ᠎ᠠ ᠠᠴᠠ ᠪᠤᠯᠵᠦ ᠪᠤᠰᠤᠳ ᠦᠨᠳᠦᠰᠦᠳᠡᠨ ᠤ ᠤᠯᠠᠨ ᠲᠦᠮᠡᠨ ᠴᠤ ᠤᠰᠤᠨ ᠳᠤᠳᠤᠷᠭ᠎ᠠ ᠳᠠᠷᠢᠬᠤ ᠪᠤᠯᠵᠦ᠂ ᠰᠣᠯᠣᠩᠭᠤᠰ ᠦᠨᠳᠦᠰᠦᠲᠡᠨ ᠤ ᠰᠠᠭᠤᠭᠠᠯᠢ ᠠᠷᠠᠳ ᠤᠰᠤᠨ ᠲᠤᠲᠤᠷᠭ᠎ᠠ ᠲᠠᠷᠢᠬᠤ ᠮᠡᠷᠭᠡᠵᠢᠯ ᠢᠶᠠᠨ ᠪᠤᠰᠤᠳ ᠦᠨᠳᠦᠰᠦᠲᠡᠨ ᠤ ᠠᠬ᠎ᠠ ᠳᠡᠬᠦᠦ ᠨᠠᠷ ᠲᠠᠢ ᠪᠠᠨ ᠬᠠᠷᠠᠮ ᠦᠭᠡᠢ ᠬᠤᠪᠢᠶᠠᠯᠴᠠᠵᠦ᠂ ᠬᠠᠮᠳᠤᠪᠡᠷ ᠰᠠᠨ ᠡᡁᠧ ᠤᠰᠤᠨ ᠳᠤᠳᠤᠷᠭ᠎ᠠ ᠶᠢᠨ ᠬᠦᠭᠵᠢᠯᠳᠠ ᠶᠢ ᠠᠬᠢᠭᠤᠯᠤᠬᠰᠡᠨ ᠪᠠᠶᠢᠨ᠎ᠠ︾ ᠭᠡᠵᠦ ᠳᠤᠰᠬᠤᠨ ᠤ ᠨᠠᠮ ᠤᠨ ᠡᠬᠦᠷ ᠤᠨ ᠱᠦᠵᠢ ᠰᠢᠤᠢ ᠵᠦᠩ ᠹᠧᠩ ᠶᠠᠷᠢᠨ᠎ᠠ᠃ ᠣᠳᠣᠬᠠᠨ ᠳᠤ᠂ ᠰᠠᠨ ᠾᠧ ᠲᠣᠰᠬᠤᠨ ᠤ ᠤᠰᠤᠨ ᠲᠤᠲᠤᠷᠭ᠎ᠠ ᠶᠢᠨ ᠲᠠᠷᠢᠮᠠᠯ ᠤᠨ ᠲᠠᠯᠠᠪᠠᠢ ᠨᠢ ᠨᠢᠭᠡᠨᠲᠡ ᠲᠦᠮᠡᠨ ᠮᠦ ᠶᠢ ᠳᠠᠪᠠᠯ᠎ᠠ᠃        ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠰᠠᠨ ᠾᠧ ᠲᠣᠰᠬᠤᠨ ᠤ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠭᠠᠷ ᠬᠤᠯᠪᠣᠨ ᠬᠠᠮᠲᠤᠪᠠᠷ ᠤᠷᠤᠭᠰᠢᠯᠠᠨ᠎ᠠ᠃ ᠡᠨᠡ ᠵᠢᠯ 40 ᠨᠠᠰᠤᠲᠠᠢ ᠰᠣᠯᠣᠩᠭᠤᠰ ᠦᠨᠳᠦᠰᠦᠲᠡᠨ ᠤ ᠲᠣᠰᠬᠤᠨ ᠤ ᠠᠷᠠᠳ ᠵᠠᠩ ᠬᠠᠢ ᠹᠧᠩ ᠪᠤᠯ ᠨᠤᠳᠤᠬ ᠲᠠᠭᠠᠨ ᠪᠤᠴᠠᠵᠦ ᠦᠢᠯᠡᠰ ᠪᠤᠰᠬᠠᠬᠰᠠᠨ ᠴᠢᠳᠠᠪᠤᠷᠢᠳᠠᠨ ᠪᠤᠯᠬᠤ ᠶᠤᠮ᠃ ᠳᠡᠷᠡ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠡᡁᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠲᠤᠲᠤᠷᠭ᠎ᠠ ᠶᠢᠨ ᠠᠵᠤ ᠦᠢᠯᠡᠰ ᠤᠨ ᠲᠣᠭᠤᠷᠢᠨ ᠳᠤ ︽ᠰᠠᠭᠤᠷᠢᠨ ᠭᠠᠵᠠᠷ + ᠲᠠᠷᠢᠶᠠᠴᠢᠨ ᠡᠷᠦᠭᠡ + ᠲᠠᠭᠠᠭᠤᠯᠤᠬᠴᠢ + ᠵᠠᠬ᠎ᠠ ᠳᠡᠯᠭᠡᠭᠦᠷ︾   ᠤᠨ ᠵᠠᠭᠪᠤᠷ ᠢ ᠰᠦᠪᠡᠭᠴᠢᠯᠡᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠢ ᠲᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠬᠰᠠᠨ ᠪᠠᠶᠢᠨ᠎ᠠ᠃ ᠨᠢᠳᠤᠨᠤᠨ ᠵᠢᠯ᠂ ᠺᠣᠮᠫᠠᠨᠢ ᠨᠢ ᠡᠷᠬᠢᠨ ᠲᠣᠭᠤᠷᠢᠨ ᠤ ᠲᠠᠷᠢᠶᠠᠴᠢᠨ ᠡᠷᠦᠬᠡ ᠲᠠᠢ 15000 ᠭᠠᠷᠤᠶ ᠮᠥ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠲᠤᠬᠠᠶ ᠶᠢᠨ ᠭᠠᠵᠠᠷ ᠤᠨ 1000 ᠭᠠᠷᠤᠶ ᠡᠷᠦᠬᠡ ᠶᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠪᠠᠶᠢᠨ᠎ᠠ᠃        ᠰᠠᠨ ᠾᠧ ᠲᠣᠰᠬᠤᠨ ᠬᠥᠭᠵᠢᠯᠲᠡ ᠶᠢᠨ ᠠᠰᠢᠬ ᠤᠷᠤᠯᠭ᠎ᠠ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠮᠡᠭᠳᠡᠬᠦᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠡᠰᠢᠭ ᠳᠠᠭᠤᠤ ᠶᠢ ᠴᠢᠪᠬᠠᠳᠠᠵᠦ᠂ ᠬᠠᠮᠳᠦ ᠪᠠᠷ ᠳᠠᠷᠢᠶᠠᠯᠠᠬᠤ ᠰᠤᠶᠤᠯ ᠢ ᠬᠦᠭᠵᠢᠬᠦᠯᠤᠨ ᠤᠮᠠᠷᠠᠲᠤ ᠬᠢᠯᠢ ᠶᠢᠨ ᠰᠣᠶᠣᠯ ᠳᠤ ᠠᠮᠢᠵᠢᠷᠠᠯ ᠤᠨ ᠬᠦᠴᠦᠨ ᠨᠡᠮᠡᠷᠢᠯᠡᠪᠡ᠃        ᠦᠨᠳᠦᠰᠦᠲᠡᠨ ᠤ ᠪᠦᠯᠬᠦᠮᠳᠡᠯ ᠲᠠᠪᠰᠢᠯᠳᠡ ᠪᠠᠷ ᠰᠠᠭᠤᠷᠢ ᠪᠣᠯᠭᠠᠵᠤ᠂ ᠤᠨᠴᠠᠯᠢᠬᠳᠤ ᠠᠵᠤ ᠦᠢᠯᠡᠰ ᠢ ᠦᠷᠭᠦᠯᠵᠢᠯᠡᠨ ᠬᠦᠭᠵᠢᠬᠦᠯᠪᠡ᠃ 2022 ᠣᠨ ᠳᠤ᠂ ᠰᠠᠨ ᠡᡁᠧ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ ᠵᠢᠩᠬᠢᠨᠢ ᠪᠠᠷ ᠨᠡᠭᠡᠭᠡᠭᠳᠡᠵᠦ᠂ ᠥᠪᠡᠷᠮᠢᠴᠡ ᠣᠨᠴᠠᠯᠢᠭ ᠲᠠᠢ ᠰᠣᠯᠣᠩᠭᠤᠰ ᠦᠨᠳᠦᠰᠦᠲᠡᠨ ᠤ ᠣᠷᠣᠨ ᠰᠠᠭᠤᠴᠠ᠂ ᠠᠮᠳᠠᠳᠤ ᠰᠠᠶᠢᠬᠠᠨ ᠰᠣᠯᠣᠩᠭᠤᠰ ᠦᠨᠳᠦᠰᠦᠲᠡᠨ ᠤ ᠢᠳᠡᠭᠡᠨ᠂ ᠡᠭᠡᠯ ᠪᠣᠷᠣᠭᠵᠢᠭᠤᠨ ᠨᠤᠲᠤᠭ ᠤᠨ ᠵᠠᠩ ᠠᠭᠠᠯᠢ ᠨᠢ ᠵᠢᠭᠤᠯᠴᠢᠯᠠᠬᠰᠠᠳ ᠤᠨ ᠠᠩᠬᠠᠷᠤᠯ ᠢ ᠲᠠᠲᠠᠵᠤ᠂ ᠲᠣᠰᠬᠤᠨ ᠤ ᠠᠷᠠᠳ ᠤᠨ ᠬᠤᠭᠤᠯᠠ ᠤᠮᠳᠠᠭᠠᠨ ᠤ ᠦᠢᠯᠡᠰ᠂ ᠬᠦᠳᠡᠭᠡ ᠠᠶᠢᠯ ᠪᠠᠭᠤᠳᠠᠯ᠂ ᠵᠢᠭᠤᠯᠴᠢᠯᠠᠯ ᠤᠨ ᠦᠢᠯᠡᠰ ᠵᠡᠷᠭᠡ ᠶᠢ ᠡᠷᠬᠢᠯᠡᠬᠦ ᠶᠢ ᠵᠤᠷᠢᠬᠵᠢᠭᠤᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠠᠬᠢᠭᠤᠯᠵᠠᠢ᠃         ︽ᠰᠣᠯᠣᠩᠭᠤᠰ ᠦᠨᠳᠦᠰᠦᠲᠡᠨ ᠤ ᠤᠨᠴᠠᠯᠢᠬᠳᠤ ᠳᠤᠳᠤᠷᠭᠠᠨ ᠪᠤᠳᠠᠭ᠎ᠠ ᠪᠠᠷ ᠴᠢᠳᠬᠤᠬᠰᠠᠨ ᠭᠡᠳᠡᠰᠦ᠂ ᠳᠠᠷᠤᠰᠢᠯᠠᠭᠰᠠᠨ ᠨᠣᠭᠤᠭ᠎ᠠ ᠶᠢ ᠠᠮᠲᠠᠯᠠᠵᠤ ᠦᠵᠡ᠂ ᠮᠠᠰᠢ ᠠᠮᠲᠠᠲᠠᠶ ᠶᠤᠮ︾ ᠭᠡᠵᠦ ᠰᠠᠨ ᠾᠧ ᠲᠣᠰᠬᠤᠨ ᠤ ︽ᠰᠦᠯᠵᠢᠶᠡᠨ ᠬᠠᠯᠠᠮᠰᠢᠯ︾ ᠪᠤᠯᠤᠬᠰᠠᠨ ᠬᠤᠭᠤᠯᠠᠨ ᠭᠡᠷ ᠤᠨ ᠮᠠᠨᠵᠤ ᠦᠨᠳᠦᠰᠦᠲᠡᠨ ᠤ ᠵᠠᠩᠭᠤᠶᠢᠳᠠ ᠵᠣᠣ ᠹᠠᠨ ᠵᠣᠴᠢᠳ ᠲᠤ ᠬᠤᠭᠤᠯᠠ ᠤᠮᠳᠠᠭᠠᠨ ᠢᠶᠠᠨ ᠳᠠᠨᠢᠯᠴᠠᠭᠤᠯᠤᠨ᠎ᠠ᠃ ᠭᠡᠳᠦ᠋ᠢᠪᠡᠷ ᠳᠡᠬᠦᠨ ᠤ ᠭᠡᠷ ᠪᠦᠯᠢ ᠨᠢ ᠬᠢᠳᠡᠳ ᠦᠨᠳᠦᠰᠦᠳᠡᠨ ᠪᠤᠯᠤᠨ ᠮᠠᠨᠵᠦ ᠦᠨᠳᠦᠰᠦᠳᠡᠨ ᠢᠶᠠᠷ ᠪᠦᠷᠢᠯᠳᠦᠭᠰᠡᠨ ᠪᠤᠯᠪᠠᠴᠦ ᠰᠤᠯᠤᠩᠭᠤᠰ ᠦᠨᠳᠦᠰᠦᠳᠡᠨ ᠤ ᠤᠨᠴᠠᠯᠢᠬ ᠲᠠᠢ ᠬᠤᠭᠤᠯᠠᠨ ᠭᠡᠷ ᠡᠷᠬᠢᠯᠡᠨ᠂ ᠰᠤᠯᠦᠩᠭᠤᠰ ᠦᠨᠳᠦᠰᠦᠳᠡᠨ ᠤ ᠢᠳᠡᠭᠡᠨ ᠤᠮᠳᠠᠭᠠᠨ ᠬᠢᠵᠦ᠂ ᠬᠤᠯᠠ ᠤᠶᠢᠷ᠎ᠠ ᠶᠢᠨ ᠵᠢᠭᠤᠯᠴᠢᠯᠠᠬᠰᠠᠳ ᠤᠨ ᠬᠠᠯᠠᠭᠤᠨ ᠬᠦᠷᠢᠶᠡᠯᠡᠯ ᠢ ᠤᠯᠵᠦ ᠪᠤᠢ᠃         ︽ᠵᠢᠭᠤᠯᠴᠢᠯᠠᠬᠴᠢᠳ ᠰᠠᠨ ᠡᡁᠧ ᠲᠣᠰᠬᠤᠨ ᠤ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ ᠪᠠᠷ ᠳᠤᠭᠤᠷᠢᠨ ᠰᠣᠯᠣᠩᠭᠤᠰ ᠦᠨᠳᠦᠰᠦᠲᠡᠨ ᠤ ᠠᠮᠢᠳᠤᠷᠠᠯ ᠪᠠ ᠠᠷᠠᠳ ᠤᠨ ᠵᠠᠩ ᠦᠢᠯᠡ ᠶᠢ ᠣᠶᠢᠯᠠᠭᠠᠨ᠂ ᠦᠨᠳᠦᠰᠦᠲᠡᠨ ᠨᠦᠭᠦᠳ ᠤᠨ ᠬᠠᠮᠲᠤᠷᠠᠨ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤ ᠠᠵᠢᠯᠯᠠᠵᠤ ᠬᠠᠮᠲᠤᠪᠠᠷ ᠴᠡᠩᠭᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠨᠡᠶᠢᠭᠡᠮ ᠤᠨ ᠣᠷᠴᠢᠨ ᠲᠣᠭᠤᠷᠢᠨ ᠢ ᠨᠡᠩ ᠰᠠᠶᠢᠨ ᠣᠶᠢᠯᠠᠭᠠᠵᠤ ᠴᠢᠳᠠᠨ᠎ᠠ᠃ ᠨᠢᠳᠤᠨᠤᠨ᠂ ᠪᠢᠳᠡ ᠳᠠᠭᠤᠤ ᠬᠥᠭᠵᠢᠮ ᠤᠨ ᠨᠠᠶᠢᠷ᠂ ᠰᠤᠳᠤᠯᠤᠨ ᠰᠤᠷᠤᠯᠴᠠᠬᠤ᠂ ᠬᠥᠳᠡᠭᠡ ᠲᠣᠰᠬᠤᠨ ᠤ ᠠᠮᠲᠠᠲᠤ ᠢᠳᠡᠭᠡᠨ᠂ ᠴᠤᠭᠯᠠᠭ᠎ᠠ ᠮᠠᠶᠢᠮᠠᠢ᠂ ᠰᠠᠨ ᠾᠧ ᠶᠢᠨ ᠭᠠᠷᠠᠭ ᠤᠨ ᠰᠡᠭᠦᠯᠴᠢ ᠶᠢᠨ ᠰᠠᠶᠢᠨ ᠪᠠᠷᠠᠭ᠎ᠠ ᠵᠡᠷᠭᠡ ᠠᠯᠢ ᠤᠯᠠᠨ ᠡᠵᠡᠩᠨᠡᠯᠲᠡ ᠶᠢᠨ ᠬᠡᠯᠪᠡᠷᠢ ᠶᠢᠨ ᠠᠵᠢᠯᠯᠠᠭ᠎ᠠ ᠦᠷᠨᠢᠬᠦᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠤᠯᠠᠨ ᠬᠠᠷᠠᠭᠠᠰᠤ ᠠᠴᠠ ᠳᠡᠯᠭᠡᠨ ᠦᠵᠡᠭᠦᠯᠵᠦ᠂ ᠲᠣᠰᠬᠤᠨ ᠤ ᠠᠷᠠᠳ ᠲᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠰᠢᠭ ᠢ ᠡᠳ᠋ᠯᠡᠭᠦᠯᠪᠡ︾ ᠭᠡᠵᠦ ᠰᠢᠤᠢ ᠵᠦᠩ ᠹᠧᠩ ᠶᠠᠷᠢᠨ᠎ᠠ᠃ ᠰᠠᠨ ᠾᠧ ᠲᠣᠰᠬᠤᠨ ᠬᠠᠮᠳᠦ ᠪᠠᠷ ᠴᠢᠨᠡᠭᠡᠯᠢᠭᠵᠢᠬᠦ ᠵᠠᠮ ᠳᠤ ᠠᠯᠢ ᠴᠤ ᠦᠨᠳᠦᠰᠦᠲᠡᠨ ᠢ ᠴᠤ ᠡᠩᠨᠡᠭᠡ ᠠᠴᠠ ᠪᠠᠨ ᠬᠤᠴᠤᠷᠤᠭᠤᠯᠤᠬᠰᠠᠨ ᠦᠭᠡᠢ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠢᠷᠡᠭᠰᠡᠨ ᠪᠠᠶᠢᠨ᠎ᠠ᠃        ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠭᠦᠨ ᠤ ᠬᠠᠮᠲᠤ ᠨᠡᠶᠢᠳᠡ︾᠂ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ︾᠂ ︽ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ︾᠂ ︽ᠪᠦᠬᠦ ᠤᠯᠤᠰ ᠤᠨ ᠠᠮᠢ ᠠᠬᠤᠢ ᠶᠢᠨ ᠰᠣᠶᠣᠯ ᠤᠨ ᠲᠣᠰᠬᠤᠨ︾ ᠁ ᠡᠨᠡᠬᠦ ᠨᠤᠲᠤᠭ ᠳᠡᠪᠢᠰᠭᠡᠷ ᠳᠡᠭᠡᠷ᠎ᠡ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠬᠠᠷᠢᠯᠴᠠᠨ ᠬᠦᠨᠳᠦᠳᠭᠡᠨ ᠬᠠᠷᠢᠯᠴᠠᠨ ᠬᠠᠯᠠᠮᠵᠢᠯᠠᠵᠦ᠂ ᠪᠦᠯᠬᠦᠮᠳᠡᠨ ᠲᠡᠮᠡᠴᠡᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠡᠶ᠎ᠡ ᠨᠠᠶᠢᠷᠠᠮᠳᠠᠭᠤ ᠬᠦᠭ ᠠᠶᠠᠰ ᠢ ᠴᠢᠪᠬᠠᠳᠠᠨ᠎ᠠ᠃                        · ᠬᠠᠨ ᠢᠤᠢ ᠭᠧ  ᡁᠢ ᠮᠢᠨ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号