ᠤᠯᠠᠭᠠᠨᠬᠤᠳᠠ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠠᠯ ᠢ ᠴᠡᠭᠴᠡᠯᠡᠨ ᠵᠠᠰᠠᠬᠤ ᠠᠵᠢᠯ ᠢ ᠢᠳᠡᠪᠬᠢᠳᠠᠢ ᠦᠷᠨᠢᠬᠦᠯᠵᠤ ᠪᠤᠢ
ᠨᠡᠶᠢᠲᠡᠯᠡᠭᠰᠡᠨ ᠴᠠᠭ᠄
2024/5/23
    ᠡ᠊ᠨᠠ ᠵᠢᠯ ᠠᠴᠠ ᠨᠠᠭᠠᠰᠢ᠂ ᠤᠯᠠᠭᠠᠨᠬᠤᠳᠠ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠠᠯ ᠢ ᠴᠡᠭᠴᠡᠯᠡᠨ ᠵᠠᠰᠠᠬᠤ ᠠᠵᠢᠯ ᠢ ᠪᠠᠳᠤᠳᠠᠢ ᠦᠷᠨᠢᠬᠦᠯᠵᠤ᠂ ᠴᠡᠭᠴᠡᠯᠡᠨ ᠵᠠᠰᠠᠭᠰᠠᠨ ᠦᠷ᠎ᠠ ᠪᠦᠳᠤᠮᠵᠢ ᠪᠠᠨ ᠦᠷᠬᠦᠯᠵᠢᠯᠡᠨ ᠪᠠᠳᠤᠳᠬᠠᠨ᠂ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠤᠨ ᠶᠠᠰᠤ ᠴᠢᠨᠠᠷ ᠢ ᠰᠢᠯᠢᠳᠡᠭᠵᠢᠬᠦᠯᠵᠤ᠂ ᠬᠤᠳᠠ ᠶᠢᠨ ᠤᠷᠴᠢᠨ ᠲᠤᠭᠤᠷᠢᠨ ᠢ ᠲᠠᠰᠤᠷᠠᠯᠳᠠ ᠦᠭᠡᠢ ᠭᠤᠶᠤᠵᠢᠭᠤᠯᠤᠨ᠎ᠠ᠃     ᠤᠯᠠᠭᠠᠨᠬᠤᠳᠠ ᠶᠢᠨ ᠰᠢᠨ ᠴᠧᠩ ᠵᠡᠭᠡᠯᠢ ᠳᠤ᠂ ᠯᠢᠥᠢ ᠵᠢᠶᠧ ᠡᡁᠧᠩ ᠵᠢᠩ ᠤᠷᠴᠢᠨ ᠲᠤᠭᠤᠷᠢᠨ ᠤ ᠦᠢᠯᠡᠴᠢᠯᠡᠭᠡᠨ ᠤ ᠬᠢᠵᠠᠭᠠᠷᠳᠤ ᠺᠤᠮᠫᠠᠨᠢ ᠶᠢᠨ ᠠᠵᠢᠯᠳᠠᠨ ᠵᠠᠮ ᠤᠨ ᠬᠤᠶᠠᠷ ᠲᠠᠯ᠎ᠠ ᠶᠢᠨ ᠬᠤᠭ ᠨᠤᠪᠰᠢ ᠶᠢ ᠴᠡᠪᠡᠷᠯᠡᠵᠤ ᠂ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠬᠦᠴᠤᠳᠠᠢ ᠠᠬᠢᠭᠤᠯᠬᠤ ᠲᠤᠮᠳᠠ ᠨᠡᠶᠢᠭᠡᠮ ᠲᠤᠭᠤᠷᠢᠭ ᠤᠨ ᠤᠷᠴᠢᠨ ᠲᠤᠭᠤᠷᠢᠨ ᠨᠢ ᠮᠡᠳᠡᠭᠳᠡᠮ᠎ᠠ ᠬᠤᠪᠢᠷᠠᠯᠳᠠ ᠭᠠᠷᠤᠯ᠎ᠠ᠃ ︽ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠶᠠᠰᠤ ᠴᠢᠨᠠᠷ ᠮᠡᠳᠡᠭᠳᠡᠮ᠎ᠠ ᠲᠡᠭᠡᠭᠰᠢᠯᠡᠵᠤ᠂ ᠵᠤᠯ ᠵᠢᠷᠭᠠᠯ ᠤᠨ ᠲᠦᠷᠥᠭᠳᠡᠯ ᠪᠠᠰᠠ ᠨᠡᠮᠡᠭᠳᠡᠯ᠎ᠠ᠃ ᠪᠢᠳᠠ ᠪᠠᠰᠠ ᠤᠷᠴᠢᠨ ᠲᠤᠭᠤᠷᠢᠨ ᠤ ᠴᠡᠪᠡᠷᠯᠡᠭᠴᠢ ᠲᠠᠢ ᠰᠠᠶᠢᠳᠤᠷ ᠬᠠᠮᠵᠢᠯᠴᠠᠨ᠂ ᠤᠷᠴᠢᠨ ᠲᠤᠭᠤᠷᠢᠨ ᠤ ᠠᠷᠢᠭᠤᠨ ᠴᠡᠪᠡᠷ ᠢ ᠦᠷᠬᠦᠯᠵᠢᠯᠡᠨ ᠪᠠᠳᠤᠯᠠᠵᠤ᠂ ᠪᠢᠳᠠᠨ ᠤ ᠤᠷᠤᠰᠢᠨ ᠰᠠᠭᠤᠷᠢᠰᠢᠬᠤ ᠤᠷᠴᠢᠨ ᠢᠶᠠᠨ ᠬᠠᠮᠳᠤᠪᠠᠷ ᠬᠠᠮᠠᠭᠠᠯᠠᠨ᠎ᠠ︾ ᠭᠡᠵᠤ ᠰᠠᠭᠤᠭᠠᠯᠢ ᠠᠷᠠᠳ ᠵᠢᠶᠠᠩ ᠵᠢᠩ ᠶᠠᠷᠢᠨ᠎ᠠ᠃     ᠡ᠊ᠨᠠ ᠵᠢᠯ᠂ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠶᠢᠨ ᠴᠢᠨᠠᠷᠳᠠᠢ ᠪᠠᠷ ᠠᠬᠢᠭᠤᠯᠵᠤ᠂ ᠬᠤᠳᠠ ᠪᠠᠯᠭᠠᠰᠤᠨ ᠤ ᠴᠡᠪᠡᠷ ᠲᠡᠭᠰᠢᠬᠡᠨ᠂ ᠨᠡᠶᠢᠭᠡᠮ ᠲᠤᠭᠤᠷᠢᠭ ᠤᠨ ᠬᠠᠮᠢᠶᠠᠷᠤᠯᠳᠠ ᠲᠦᠷᠢᠮᠵᠢᠬᠦᠨ᠂ ᠬᠦᠷᠢᠶ᠎ᠠ ᠬᠠᠰᠢᠶᠠᠨ ᠤ ᠬᠤᠸᠠᠷ ᠴᠡᠴᠡᠭ᠂ ᠨᠤᠭᠤᠭᠠᠷᠠᠭᠤᠯᠤᠯᠳᠠ ᠶᠢ ᠪᠠᠳᠤᠯᠠᠵᠤ ᠪᠤᠢ᠃ ᠤᠳᠤᠬᠠᠨ ᠪᠤᠯᠳᠠᠯ᠎ᠠ 400 ᠭᠠᠷᠤᠢ ᠬᠦᠮᠤᠨ ︵ᠤᠳᠠᠭ᠎ᠠ︶   ᠢ ᠬᠦᠳᠡᠯᠭᠡᠨ᠂ 20 ᠭᠠᠷᠤᠢ ᠤᠳᠬᠤᠭᠤᠷ ᠲᠡᠷᠭᠡ ᠪᠠᠷ 500 ᠭᠠᠷᠤᠢ ᠪᠤᠰᠤᠭ᠎ᠠ ᠲᠦᠷᠪᠡᠯᠵᠢᠨ ᠮᠧᠲᠷ ᠲᠠᠯᠠᠪᠠᠢ ᠶᠢᠨ ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠨ᠂ ᠤᠯᠠᠨ ᠲᠦᠮᠡᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠦᠨᠡᠨᠬᠦ ᠰᠠᠶᠢᠵᠢᠷᠠᠭᠤᠯᠵᠠᠢ᠃ ᠰᠢᠨ  ᠴᠧᠩ ᠵᠡᠭᠡᠯᠢ ᠨᠢ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠬᠦᠴᠤᠯᠠᠴᠠ ᠪᠠᠨ ᠨᠡᠮᠡᠭᠳᠡᠬᠦᠯᠵᠤ᠂ ᠤᠯᠠᠨ ᠲᠠᠯ᠎ᠠ ᠶᠢᠨ ᠬᠦᠴᠤᠨ ᠢ ᠲᠠᠶᠢᠴᠢᠯᠠᠨ᠂ ᠡᠯ᠎ᠠ ᠲᠦᠷᠤᠯ ᠤᠨ ᠡᠬᠢ ᠪᠠᠶᠠᠯᠢᠭ ᠢ ᠴᠡᠭᠴᠡᠯᠡᠵᠤ᠂ ᠤᠷᠤᠨ ᠲᠤᠭᠤᠷᠢᠭ ᠤᠨ ᠲᠦᠷᠢ ᠲᠦᠷᠬᠦ ᠪᠠᠨ ᠲᠡᠭᠡᠭᠰᠢᠯᠡᠬᠦᠯᠤᠨ᠂ ᠠᠮᠤᠷ ᠲᠦᠪᠰᠢᠨ᠂ ᠴᠡᠪᠡᠷ ᠲᠡᠭᠰᠢᠬᠡᠨ᠂ ᠡᠶ᠎ᠡ ᠨᠠᠶᠢᠷᠠᠮᠳᠠᠭᠤ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠬᠠᠮᠳᠤ ᠪᠠᠷ ᠡᠬᠦᠳᠴᠤ ᠪᠤᠢ᠃                                                                                ︵ᠴᠠᠶᠢᠯᠭᠠᠨ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号