ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠪᠡᠶ᠎ᠠ ᠰᠡᠳᠬᠢᠴᠡ ᠶᠢᠨ ᠡᠷᠡᠬᠦᠯ ᠡᠩᠭᠡ ᠶᠢᠨ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2024/5/23
         ᠤᠶᠢᠷ᠎ᠠ ᠳᠤ᠂ ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠶᠢᠨ ᠬᠢᠨ ᠤᠯᠠᠭᠠᠨᠬᠤᠳᠡ ᠶᠢᠨ ᠬᠦᠮᠦᠨ ᠤ ᠬᠦᠴᠦᠨ ᠤ ᠡᠭᠢ ᠪᠠᠶᠠᠯᠢᠬ ᠪᠠ ᠨᠡᠶᠢᠭᠡᠮ ᠤᠨ ᠪᠠᠳᠤᠯᠠᠭ᠎ᠠ ᠶᠢᠨ ᠳᠤᠪᠴᠢᠶ᠎ᠠ ᠪᠠᠷ ᠬᠦᠷᠴᠦ᠂ ︽ᠪᠡᠶ᠎ᠠ ᠰᠡᠳᠬᠢᠴᠡ ᠶᠢᠨ ᠬᠦᠭᠵᠢᠯᠳᠠ ᠶᠢ ᠠᠩᠬᠠᠷᠴᠦ ᠡᠷᠡᠬᠦᠯ ᠡᠩᠭᠡ ᠶᠢ ᠡᠷᠬᠢᠮᠯᠡᠬᠦ︾ ᠪᠠᠷ ᠰᠡᠳᠦᠪᠯᠡᠭᠰᠡᠨ ᠰᠡᠳᠬᠢᠴᠡ ᠶᠢᠨ ᠡᠷᠡᠬᠦᠯ ᠮᠡᠨᠳᠦ ᠶᠢᠨ ᠤᠬᠠᠭᠤᠯᠭ᠎ᠠ ᠬᠦᠮᠦᠵᠢᠯ ᠬᠢᠭᠰᠡᠨ ᠪᠠᠶᠢᠨ᠎ᠠ᠃          ᠤᠬᠠᠭᠤᠯᠭ᠎ᠠ ᠬᠦᠮᠦᠵᠢᠯ ᠳᠤ᠂ ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠠᠴᠠ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠵᠦᠢ ᠶᠢᠨ ᠪᠠᠭᠰᠢ ᠶᠢ ᠤᠷᠢᠨ᠂ ᠡᠯᠪᠡᠭ ᠠᠭᠤᠯᠭ᠎ᠠ ᠪᠦᠬᠦᠢ ᠪᠡᠶ᠎ᠠ ᠰᠡᠳᠬᠢᠴᠡ ᠶᠢᠨ ᠤᠬᠠᠭᠤᠯᠭ᠎ᠠ ᠬᠦᠮᠦᠵᠢᠯ ᠬᠢᠭᠰᠡᠨ ᠪᠠᠶᠢᠨ᠎ᠠ᠃ ᠪᠠᠭᠰᠢ ᠠᠴᠠ ᠺᠠᠳ᠋ᠷ ᠠᠵᠢᠯᠳᠡᠳ ᠤᠨ ᠪᠡᠶ᠎ᠠ ᠰᠡᠳᠬᠢᠴᠡ ᠶᠢᠨ ᠪᠠᠶᠢᠳᠡᠯ ᠵᠢᠴᠢ ᠤᠳᠤᠬᠢ ᠬᠦᠮᠦᠰ ᠤᠨ ᠠᠵᠢᠯ ᠠᠮᠢᠳᠤᠷᠠᠯ ᠤᠨ ᠳᠠᠷᠤᠭᠠᠰᠦ ᠵᠡᠷᠭᠡ ᠠᠴᠠ ᠭᠠᠷᠳᠠᠨ᠂ ᠡᠷᠡᠬᠦᠯ ᠡᠩᠭᠡ ᠶᠢᠨ ᠳᠠᠶᠢᠯᠤᠮᠵᠢ ᠬᠢᠬᠦ᠂ ᠨᠢᠭᠤᠷᠳᠠᠨ ᠶᠠᠷᠢᠯᠴᠠᠬᠤ᠂ ᠵᠢᠵᠢᠭ ᠳᠤᠬᠯᠠᠭᠠᠮ ᠢᠶᠠᠷ ᠳᠠᠮᠵᠢᠨ ᠪᠡᠶ᠎ᠠ ᠰᠡᠳᠬᠢᠴᠡ ᠶᠢ ᠨᠢ ᠳᠠᠶᠢᠳᠬᠤᠷᠠᠭᠤᠯᠬᠤ ᠵᠡᠷᠭᠡ ᠠᠷᠭ᠎ᠠ ᠠᠪᠴᠠᠯ ᠢᠶᠠᠷ ᠰᠡᠳᠬᠢᠴᠡ ᠵᠦᠢ ᠶᠢᠨ ᠵᠦᠪᠯᠡᠯᠭᠡ ᠦᠭᠴᠦ᠂ ᠪᠡᠶ᠎ᠠ ᠰᠡᠳᠬᠢᠴᠡ ᠪᠠᠨ ᠰᠤᠪᠢᠯᠠᠨ ᠰᠡᠳᠬᠢᠯ ᠰᠠᠨᠠᠭ᠎ᠠ ᠪᠠᠨ ᠠᠮᠤᠷᠵᠢᠭᠤᠯᠬᠤ ᠠᠷᠭ᠎ᠠ ᠠᠪᠴᠠᠯ ᠢ ᠤᠯᠠᠮᠵᠢᠯᠠᠬᠰᠠᠨ ᠪᠠᠶᠢᠨ᠎ᠠ᠃          ᠳᠤᠰ ᠤᠳᠠᠭᠠᠨ ᠤ ᠤᠬᠠᠭᠤᠯᠭ᠎ᠠ ᠬᠦᠮᠦᠵᠢᠯ ᠳᠤ᠂ ᠨᠡᠶᠢᠳᠡ 60 ᠭᠠᠷᠤᠢ ᠬᠦᠮᠦᠨ ᠤᠷᠤᠯᠴᠠᠵᠦ᠂ 180 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠦ ᠳᠠᠷᠬᠠᠭᠠᠬᠰᠠᠨ ᠪᠠᠶᠢᠨ᠎ᠠ᠃ ᠮᠦᠨ ᠴᠤ ᠳᠤᠰ ᠤᠳᠠᠭᠠᠨ ᠤ ᠰᠡᠳᠬᠢᠴᠠ ᠵᠦᠢ ᠶᠢᠨ ᠬᠦᠮᠦᠵᠢᠯ ᠢᠶᠠᠷ ᠳᠠᠮᠵᠢᠨ ᠦᠷᠭᠡᠨ ᠤᠯᠠᠨ ᠺᠠᠳ᠋ᠷ ᠠᠵᠢᠯᠳᠡᠨ ᠤ ᠪᠡᠶ᠎ᠠ ᠰᠡᠳᠬᠢᠴᠡ ᠶᠢᠨ ᠪᠠᠶᠢᠳᠡᠯ ᠳᠤ ᠠᠩᠬᠠᠷᠤᠯ ᠢᠶᠠᠨ ᠳᠠᠯᠪᠢᠵᠦ᠂ ᠳᠡᠳᠡᠨᠡᠷ ᠤᠨ ᠡᠷᠡᠬᠦᠯ ᠰᠠᠷᠠᠭᠤᠯ ᠠᠵᠢᠯ ᠠᠮᠢᠳᠤᠷᠠᠯ ᠤᠨ ᠳᠠᠳᠬᠠᠯ ᠢ ᠪᠤᠢ ᠪᠤᠯᠭᠠᠬᠤ ᠶᠢ ᠬᠦᠳᠤᠯᠤᠨ ᠵᠢᠯᠤᠭᠤᠳᠤᠬᠰᠠᠨ ᠪᠠᠶᠢᠨ᠎ᠠ᠃                                                 ︵ᡁᠢ ᠮᠢᠨ   ᠬᠦᠸᠧ ᠳ᠋ᠠᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号