ᠤᠯᠠᠭᠠᠨᠬᠤᠳᠠ ᠶᠢᠨ ᠵᠢᠶᠠᠨ ᠹᠧᠩ ᠨᠡᠶᠢᠭᠡᠮ ᠲᠤᠭᠤᠷᠢᠭ ᠪᠠ ᠰᠠᠶᠢᠬᠠᠨ ᠨᠡᠶᠢᠭᠡᠮ ᠲᠤᠭᠤᠷᠢᠭ ᠬᠠᠮᠳᠤᠷᠠᠨ ᠭᠡᠷ ᠪᠦᠯᠢ ᠶᠢᠨ ᠬᠦᠮᠤᠵᠢᠯ ᠤᠨ ᠭᠠᠷᠠᠭ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/5/23
     ︵ᠰᠤᠷᠪᠤᠯᠵᠢᠯᠠᠭᠴᠢ ᠴᠤᠯᠮᠤᠨ︶ ᠡᠨᠡ ᠵᠢᠯ ᠤᠨ ᠪᠦᠬᠦ ᠤᠯᠤᠰ ᠤᠨ ᠭᠡᠷ ᠪᠦᠯᠢ ᠶᠢᠨ ᠬᠦᠮᠤᠵᠢᠯ ᠤᠨ ᠭᠠᠷᠠᠭ ᠲᠤ ᠤᠯᠠᠭᠠᠨᠬᠤᠳᠠ ᠶᠢᠨ ᠲᠡᠬᠦᠯᠢᠨ ᠵᠡᠭᠡᠯᠢ ᠶᠢᠨ ᠵᠢᠶᠠᠨ ᠹᠧᠩ ᠨᠡᠶᠢᠭᠡᠮ ᠲᠤᠭᠤᠷᠢᠭ ᠪᠠ ᠰᠠᠶᠢᠬᠠᠨ ᠨᠡᠶᠢᠭᠡᠮ ᠲᠤᠭᠤᠷᠢᠭ ᠬᠠᠮᠳᠤᠷᠠᠨ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠭᠡᠷ ᠪᠦᠯᠢ ᠶᠢᠨ ᠬᠦᠮᠤᠵᠢᠯ ᠳᠤ ᠠᠭᠤᠰᠤᠯᠴᠠᠭᠤᠯᠬᠤ ᠠᠵᠢᠯᠯᠠᠭ᠎ᠠ ᠦᠷᠨᠢᠬᠦᠯᠵᠤ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠪᠠ ᠠᠵᠢᠯ ᠤᠨ ᠪᠠᠶᠢᠷᠢᠨ ᠳᠠᠭᠠᠨ ᠪᠠᠶᠢᠬᠤ ᠨᠠᠮ ᠤᠨ ᠭᠡᠰᠢᠬᠦᠨ ᠤᠷᠤᠯᠴᠠᠭᠰᠠᠨ ᠪᠠᠶᠢᠨ᠎ᠠ᠃     ᠲᠤᠰ ᠤᠳᠠᠭᠠᠨ ᠤ ᠠᠵᠢᠯᠯᠠᠭᠠᠨ ᠳᠠᠭᠠᠨ ᠬᠢᠩᠭᠠᠨ ᠠᠶᠢᠮᠠᠭ ᠤᠨ ᠤᠷᠤᠭ ᠬᠤᠷᠢᠮ ᠭᠡᠷ ᠪᠦᠯᠢ ᠶᠢᠨ ᠵᠢᠯᠤᠭᠤᠳᠤᠯᠭ᠎ᠠ ᠶᠢᠨ ᠲᠦᠪ ᠤᠨ ᠡᠷᠬᠢᠯᠡᠭᠴᠢ᠂ ᠤᠯᠤᠰ ᠤᠨ ᠬᠤᠶᠠᠳᠤᠭᠠᠷ ᠲᠡᠰ ᠤᠨ ᠰᠡᠳᠬᠢᠯᠭᠡ ᠶᠢᠨ ᠯᠠᠪᠯᠠᠯᠭ᠎ᠠ ᠶᠢᠨ ᠪᠠᠭᠰᠢ᠂ ᠲᠡᠭᠡᠳᠤ ᠲᠡᠰ ᠤᠨ ᠭᠡᠷ ᠪᠦᠯᠢ ᠶᠢᠨ ᠬᠦᠮᠤᠵᠢᠯ ᠤᠨ ᠵᠢᠯᠤᠭᠤᠳᠤᠭᠴᠢ ᠵᠤᠤ ᠶᠠ ᠨᠠᠨ ᠢ ᠤᠷᠢᠵᠤ᠂ ᠠᠵᠢᠯᠯᠠᠭᠠᠨ ᠳᠤ ᠤᠷᠤᠯᠴᠠᠭᠰᠠᠨ ᠰᠠᠭᠤᠭᠠᠯᠢ ᠠᠷᠠᠳ ᠪᠠ ᠠᠵᠢᠯ ᠤᠨ ᠪᠠᠶᠢᠷᠢᠨ ᠳᠠᠭᠠᠨ ᠪᠠᠶᠢᠬᠤ ᠨᠠᠮ ᠤᠨ ᠭᠡᠰᠢᠬᠦᠨ ᠳᠤ ︽ᠭᠡᠷ ᠪᠦᠯᠢ ᠵᠢᠴᠢ ᠭᠡᠷ ᠪᠦᠯᠢ ᠶᠢᠨ ᠬᠦᠮᠤᠵᠢᠯ ᠲᠤᠮᠳᠠ ᠤᠷᠤᠰᠢᠵᠤ ᠪᠠᠶᠢᠭ᠎ᠠ ᠠᠰᠠᠭᠤᠳᠠᠯ︾ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠦᠮᠤᠵᠢᠯ ᠢ ᠠᠬᠢᠭᠤᠯᠬᠤ ᠬᠠᠥᠯᠢ︾ ᠳᠠᠬᠢ ᠭᠡᠷ ᠪᠦᠯᠢ ᠶᠢᠨ ᠬᠠᠷᠢᠭᠤᠴᠠᠯᠭ᠎ᠠ ᠶᠢᠨ ᠲᠠᠶᠢᠯᠤᠮᠵᠢ ᠵᠡᠷᠭᠡ ᠠᠭᠤᠯᠭ᠎ᠠ ᠪᠠᠷ ᠬᠢᠴᠢᠶᠡᠯ ᠤᠷᠤᠪᠠ᠃ ᠵᠤᠤ ᠶᠠ ᠨᠠᠨ ᠪᠠᠭᠰᠢ ᠠᠴᠠ ᠦᠨᠡᠨ ᠪᠤᠳᠠᠳᠢ ᠭᠡᠷᠡᠭ ᠤᠴᠢᠷ ᠢᠶᠠᠷ ᠵᠢᠱᠢᠶ᠎ᠠ ᠲᠠᠳᠠᠵᠤ᠂ ᠤᠳᠤᠬᠠᠨ ᠤ ᠭᠡᠷ ᠪᠦᠯᠢ ᠶᠢᠨ ᠬᠦᠮᠤᠵᠢᠯ ᠳᠠᠬᠢ ᠭᠡᠷ ᠤᠨ ᠠᠬᠠᠮᠠᠳ ᠤᠨ ᠬᠡᠥᠬᠡᠳ ᠢᠶᠠᠨ ᠰᠤᠷᠭᠠᠨ ᠬᠦᠮᠤᠵᠢᠬᠦᠯᠬᠦ ᠬᠢᠭᠡᠳ ᠬᠡᠥᠬᠡᠳ ᠤᠨ ᠰᠡᠳᠬᠢᠴᠠ ᠂ ᠰᠤᠷᠤᠯᠭ᠎ᠠ ᠶᠢᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠠᠩᠬᠠᠷᠬᠤ ᠴᠢᠬᠤᠯᠠᠳᠠᠢ ᠵᠦᠢᠯᠡᠰ ᠢ ᠬᠢᠨᠠᠮᠠᠭᠠᠢ ᠵᠠᠳᠠᠯᠬᠤ ᠶᠢᠨ ᠬᠠᠮᠳᠤ ᠭᠡᠷ ᠤᠨ ᠬᠦᠮᠤᠵᠢᠯ ᠳᠤ ᠲᠤᠯᠭᠠᠷᠠᠭᠰᠠᠨ ᠠᠰᠠᠭᠤᠳᠠᠯ ᠢ ᠬᠡᠷᠬᠢᠨ ᠪᠦᠳᠤᠮᠵᠢᠳᠠᠢ ᠰᠶᠢᠳᠪᠤᠷᠢᠯᠡᠬᠦ ᠲᠤᠬᠠᠢ ᠨᠠᠷᠢᠨ ᠨᠢᠭᠳᠠ ᠲᠠᠶᠢᠯᠪᠤᠷᠢᠯᠠᠯᠳᠠ ᠬᠢᠵᠠᠢ᠃ ᠬᠢᠴᠢᠶᠡᠯ ᠤᠨ ᠲᠤᠮᠳᠠ᠂ ᠲᠤᠬᠠᠢ ᠶᠢᠨ ᠲᠠᠯᠠᠪᠠᠢ ᠳᠤ ᠪᠠᠶᠢᠬᠤ ᠬᠦᠮᠤᠰ ᠲᠤ ︽ᠭᠡᠷ ᠪᠦᠯᠢ ᠶᠢᠨ ᠬᠦᠮᠤᠵᠢᠯ ᠢ ᠠᠬᠢᠭᠤᠯᠬᠤ ᠬᠠᠣᠯᠢ︾ ᠭᠡᠬᠦ ᠤᠬᠠᠭᠤᠯᠭ᠎ᠠ ᠶᠢᠨ ᠭᠠᠷ ᠲᠡᠪᠳᠡᠷ ᠲᠠᠷᠬᠠᠭᠠᠭᠰᠠᠨ ᠪᠠᠶᠢᠨ᠎ᠠ᠃     ᠲᠤᠰ ᠤᠳᠠᠭᠠᠨ ᠤ ᠠᠵᠢᠯᠯᠠᠭᠠᠨ ᠳᠤ ᠤᠷᠤᠯᠴᠠᠭᠰᠠᠨ ᠰᠠᠭᠤᠭᠠᠯᠢ ᠠᠷᠠᠳ ᠪᠠ ᠠᠵᠢᠯ ᠤᠨ ᠪᠠᠶᠢᠷᠢᠨ ᠳᠠᠭᠠᠨ ᠪᠠᠶᠢᠬᠤ ᠨᠠᠮ ᠤᠨ ᠭᠡᠰᠢᠬᠦᠨ ᠠᠴᠠ ᠵᠤᠤ ᠶᠠ ᠨᠠᠨ ᠪᠠᠭᠰᠢ ᠶᠢᠨ ᠲᠠᠶᠢᠯᠪᠤᠷᠢᠯᠠᠯᠳᠠ ᠠᠴᠠ ᠬᠤᠪᠢ ᠶᠢᠨ ᠭᠡᠷ ᠤᠨ ᠬᠦᠮᠤᠵᠢᠯ ᠳᠠᠬᠢ ᠤᠷᠤᠰᠢᠵᠤ ᠪᠠᠶᠢᠭ᠎ᠠ ᠠᠰᠠᠭᠤᠳᠠᠯ ᠢᠶᠠᠨ ᠢᠯᠡᠷᠡᠬᠦᠯᠥᠭᠰᠡᠨ ᠢᠶᠠᠷ ᠪᠠᠷᠠᠬᠤ ᠦᠭᠡᠢ ᠬᠡᠷᠬᠢᠨ ᠰᠶᠢᠳᠪᠤᠷᠢᠯᠡᠬᠦ ᠲᠤᠬᠠᠢ ᠤᠶᠢᠯᠠᠭᠠᠵᠤ᠂ ᠬᠤᠵᠢᠮ ᠤᠨ ᠭᠡᠷ ᠪᠦᠯᠢ ᠶᠢᠨ ᠬᠦᠮᠤᠵᠢᠯ ᠢᠶᠠᠨ ᠨᠡᠩ ᠰᠠᠶᠢᠳᠤᠷ ᠬᠢᠬᠦ ᠳᠤ ᠪᠤᠳᠠᠳᠠᠢ ᠠᠷᠭ᠎ᠠ ᠠᠪᠴᠠᠯ ᠢ ᠬᠠᠩᠭᠠᠭᠰᠠᠨ ᠪᠠᠶᠢᠨ᠎ᠠ ᠭᠡᠵᠤ ᠢᠯᠡᠷᠬᠡᠶᠢᠯᠡᠪᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号