ᠤᠯᠠᠭᠠᠨᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠤᠶᠢᠯᠡᠴᠢᠯᠡᠭᠡᠨ ᠤ ᠲᠥᠪ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/23
  5 ᠰᠠᠷ᠎ᠠ ᠶᠢᠨ 13 ᠤ ᠡᠳᠦᠷ ᠠᠴᠠ 19 ᠤ ᠡᠳᠦᠷ ᠪᠣᠯ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠᠶᠢᠵᠤ᠂ ︽ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠵᠤ᠂ ᠡᠨᠧᠷᠭᠢ ᠠᠷᠪᠢᠯᠠᠨ ᠪᠤᠭᠤᠮᠳᠠ ᠰᠢᠪᠳᠤᠯᠬᠤ︾ ᠪᠠᠷ ᠭᠤᠤᠯ ᠰᠡᠳᠦᠪ ᠢᠶᠠᠨ ᠪᠤᠯᠭᠠᠭᠰᠠᠨ ᠪᠠᠶᠢᠨ᠎ᠠ᠃ ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠬᠢᠨ ᠤᠬᠠᠭᠤᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠪᠥᠬᠦ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢ ᠢᠳᠡᠪᠬᠢᠲᠡᠶ ᠵᠣᠬᠢᠶᠠᠨ ᠪᠠᠶᠢᠭᠤᠯᠤᠨ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠨᠢ ᠪᠥᠬᠦ ᠬᠤᠲᠠ ᠶᠢᠨ 70 ᠭᠠᠷᠤᠶ ᠰᠠᠯᠠᠭ᠎ᠠ ᠮᠥᠴᠢᠷ ᠢ ᠬᠠᠮᠤᠷᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ ᠳᠤ 5000 ᠣᠷᠣᠯᠴᠠᠭᠰᠠᠨ ᠭᠠᠷᠤᠶ ᠬᠥᠮᠦᠨ ᠤᠷᠤᠯᠴᠠᠵᠠᠢ᠃        5 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠩᠭᠠᠨ ᠠᠶᠢᠮᠠᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠬᠢᠯᠡᠭᠰᠡᠨ 2024 ᠣᠨ ᠤ ᠬᠢᠩᠭᠠᠨ ᠠᠶᠢᠮᠠᠭ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠬᠢᠩᠭᠠᠨ ᠠᠶᠢᠮᠠᠭ ᠤᠨ ᠨᠠᠮ ᠵᠠᠰᠠᠭ ᠤᠨ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ ᠶᠠᠪᠤᠭᠳᠠᠪᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮᠵᠢᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠨᠡᠶᠢᠭᠡᠮ ᠳᠠᠶᠠᠭᠠᠷ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠠᠬᠢ ᠤᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠵᠦ ᠲᠠᠶᠢᠴᠢᠯᠠᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠪᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号