| ᠤᠶᠢᠷ᠎ᠠ ᠳᠤ᠂ ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ ᠡᡁᠧ ᠫᠢᠡᠭ ᠨᠡᠶᠢᠭᠡᠮ | ᠳᠤᠭᠤᠷᠢᠬ ᠤᠨ ᠬᠤᠪᠢᠶᠠᠷᠢ ᠬᠤᠷᠢᠶ᠎ᠠ ᠶᠢᠨ ᠬᠢᠨ ᠤᠯᠠᠭᠠᠨᠬᠤᠳᠡ ᠶᠢᠨ ᠬᠦᠮᠦᠨ ᠤ ᠬᠦᠴᠦᠨ ᠤ ᠡᠭᠢ ᠪᠠᠶᠠᠯᠢᠬ ᠪᠠ | ᠨᠡᠶᠢᠭᠡᠮ ᠤᠨ ᠪᠠᠳᠤᠯᠠᠭ᠎ᠠ ᠶᠢᠨ ᠳᠤᠪᠴᠢᠶ᠎ᠠ ᠪᠠᠷ ᠬᠦᠷᠴᠦ᠂ ︽ᠪᠡᠶ᠎ᠠ ᠰᠡᠳᠬᠢᠴᠡ ᠶᠢᠨ ᠬᠦᠭᠵᠢᠯᠳᠠ ᠶᠢ ᠠᠩᠬᠠᠷᠴᠦ | ᠡᠷᠡᠬᠦᠯ ᠡᠩᠭᠡ ᠶᠢ ᠡᠷᠬᠢᠮᠯᠡᠬᠦ︾ ᠪᠠᠷ ᠰᠡᠳᠦᠪᠯᠡᠭᠰᠡᠨ ᠰᠡᠳᠬᠢᠴᠡ ᠶᠢᠨ ᠡᠷᠡᠬᠦᠯ ᠮᠡᠨᠳᠦ ᠶᠢᠨ ᠤᠬᠠᠭᠤᠯᠭ᠎ᠠ ᠬᠦᠮᠦᠵᠢᠯ | ᠬᠢᠭᠰᠡᠨ ᠪᠠᠶᠢᠨ᠎ᠠ᠃ | ᠤᠬᠠᠭᠤᠯᠭ᠎ᠠ ᠬᠦᠮᠦᠵᠢᠯ ᠳᠤ᠂ ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ | ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠠᠴᠠ ᠤᠯᠤᠰ ᠤᠨ ᠬᠤᠶᠠᠳᠤᠭᠠᠷ ᠳᠡᠰ ᠤᠨ ᠰᠡᠳᠬᠢᠴᠡ | ᠵᠦᠢ ᠶᠢᠨ ᠪᠠᠭᠰᠢ ᠶᠢ ᠤᠷᠢᠨ᠂ ᠡᠯᠪᠡᠭ ᠠᠭᠤᠯᠭ᠎ᠠ ᠪᠦᠬᠦᠢ ᠪᠡᠶ᠎ᠠ ᠰᠡᠳᠬᠢᠴᠡ ᠶᠢᠨ ᠤᠬᠠᠭᠤᠯᠭ᠎ᠠ ᠬᠦᠮᠦᠵᠢᠯ ᠬᠢᠭᠰᠡᠨ | ᠪᠠᠶᠢᠨ᠎ᠠ᠃ ᠪᠠᠭᠰᠢ ᠠᠴᠠ ᠺᠠᠳ᠋ᠷ ᠠᠵᠢᠯᠳᠡᠳ ᠤᠨ ᠪᠡᠶ᠎ᠠ ᠰᠡᠳᠬᠢᠴᠡ ᠶᠢᠨ ᠪᠠᠶᠢᠳᠡᠯ ᠵᠢᠴᠢ ᠤᠳᠤᠬᠢ ᠬᠦᠮᠦᠰ ᠤᠨ | ᠠᠵᠢᠯ ᠠᠮᠢᠳᠤᠷᠠᠯ ᠤᠨ ᠳᠠᠷᠤᠭᠠᠰᠦ ᠵᠡᠷᠭᠡ ᠠᠴᠠ ᠭᠠᠷᠳᠠᠨ᠂ ᠡᠷᠡᠬᠦᠯ ᠡᠩᠭᠡ ᠶᠢᠨ ᠳᠠᠶᠢᠯᠤᠮᠵᠢ ᠬᠢᠬᠦ᠂ ᠨᠢᠭᠤᠷᠳᠠᠨ | ᠶᠠᠷᠢᠯᠴᠠᠬᠤ᠂ ᠵᠢᠵᠢᠭ ᠳᠤᠬᠯᠠᠭᠠᠮ ᠢᠶᠠᠷ ᠳᠠᠮᠵᠢᠨ ᠪᠡᠶ᠎ᠠ ᠰᠡᠳᠬᠢᠴᠡ ᠶᠢ ᠨᠢ ᠳᠠᠶᠢᠳᠬᠤᠷᠠᠭᠤᠯᠬᠤ ᠵᠡᠷᠭᠡ ᠠᠷᠭ᠎ᠠ | ᠠᠪᠴᠠᠯ ᠢᠶᠠᠷ ᠰᠡᠳᠬᠢᠴᠡ ᠵᠦᠢ ᠶᠢᠨ ᠵᠦᠪᠯᠡᠯᠭᠡ ᠦᠭᠴᠦ᠂ ᠪᠡᠶ᠎ᠠ ᠰᠡᠳᠬᠢᠴᠡ ᠪᠠᠨ ᠰᠤᠪᠢᠯᠠᠨ ᠰᠡᠳᠬᠢᠯ | ᠰᠠᠨᠠᠭ᠎ᠠ ᠪᠠᠨ ᠠᠮᠤᠷᠵᠢᠭᠤᠯᠬᠤ ᠠᠷᠭ᠎ᠠ ᠠᠪᠴᠠᠯ ᠢ ᠤᠯᠠᠮᠵᠢᠯᠠᠬᠰᠠᠨ ᠪᠠᠶᠢᠨ᠎ᠠ᠃ | ᠳᠤᠰ ᠤᠳᠠᠭᠠᠨ ᠤ ᠤᠬᠠᠭᠤᠯᠭ᠎ᠠ ᠬᠦᠮᠦᠵᠢᠯ ᠳᠤ᠂ ᠨᠡᠶᠢᠳᠡ 60 ᠭᠠᠷᠤᠢ ᠬᠦᠮᠦᠨ ᠤᠷᠤᠯᠴᠠᠵᠦ᠂ | 180 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠦ ᠳᠠᠷᠬᠠᠭᠠᠬᠰᠠᠨ ᠪᠠᠶᠢᠨ᠎ᠠ᠃ ᠮᠦᠨ ᠴᠤ ᠳᠤᠰ ᠤᠳᠠᠭᠠᠨ ᠤ | ᠰᠡᠳᠬᠢᠴᠠ ᠵᠦᠢ ᠶᠢᠨ ᠬᠦᠮᠦᠵᠢᠯ ᠢᠶᠠᠷ ᠳᠠᠮᠵᠢᠨ ᠦᠷᠭᠡᠨ ᠤᠯᠠᠨ ᠺᠠᠳ᠋ᠷ ᠠᠵᠢᠯᠳᠡᠨ ᠤ ᠪᠡᠶ᠎ᠠ ᠰᠡᠳᠬᠢᠴᠡ ᠶᠢᠨ | ᠪᠠᠶᠢᠳᠡᠯ ᠳᠤ ᠠᠩᠬᠠᠷᠤᠯ ᠢᠶᠠᠨ ᠳᠠᠯᠪᠢᠵᠦ᠂ ᠳᠡᠳᠡᠨᠡᠷ ᠤᠨ ᠡᠷᠡᠬᠦᠯ ᠰᠠᠷᠠᠭᠤᠯ ᠠᠵᠢᠯ ᠠᠮᠢᠳᠤᠷᠠᠯ ᠤᠨ ᠳᠠᠳᠬᠠᠯ ᠢ ᠪᠤᠢ | ᠪᠤᠯᠭᠠᠬᠤ ᠶᠢ ᠬᠦᠳᠤᠯᠤᠨ ᠵᠢᠯᠤᠭᠤᠳᠤᠬᠰᠠᠨ ᠪᠠᠶᠢᠨ᠎ᠠ᠃ | ︵ᡁᠢ ᠮᠢᠨ ᠬᠦᠸᠧ ᠳ᠋ᠠᠨ︶ |