ᠤᠯᠠᠭᠠᠨᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠳᠤ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/5/24
  5 ᠰᠠᠷ᠎ᠠ ᠶᠢᠨ 21 ᠤ ᠡᠳᠦᠷ᠂ ᠤᠯᠠᠭᠠᠨᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶᠠᠨ ᠳᠤ ᠤᠯᠠᠭᠠᠨᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠶ ᠳ᠋ᠡ ᠮᠢᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠢᠩ ᠺᠦᠨ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠲᠤᠰ ᠤᠳᠠᠭᠠᠨ ᠤ ᠶᠣᠰᠣᠯᠠᠯ ᠳᠤ ᠣᠷᠣᠯᠴᠠᠪᠠ᠃  ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠶᠢ ᠪᠦᠬᠦᠯᠢ ᠴᠣᠭᠴᠠ ᠪᠠᠷ ᠨᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠵᠤ᠂ ᠤᠯᠠᠭᠠᠨᠬᠤᠲᠠ ᠶᠢᠨ ᠨᠠᠮ ᠤᠨ ᠲᠥᠪ ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠤᠯᠠᠭᠠᠨᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠷᠢᠶᠠᠯᠠᠩ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ᠂ ︽ᠮᠢᠩᠭ᠎ᠠ ᠲᠦᠮᠡ ᠶᠢᠨ ᠢᠨᠵᠧᠨᠧᠷᠢᠩ ︾ ᠵᠡᠷᠭᠡ ᠭᠤᠤᠯᠳᠠᠯᠭ᠎ᠠ ᠲᠠᠢ ᠠᠵᠢᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号