ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/5/24
  ᠣᠶᠢᠷ᠎ᠠ ᠶᠢᠨ ᠵᠢᠯ ᠳᠤ᠂ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠢᠮᠠᠭᠲᠠ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠣᠳᠣᠬᠠᠨ ᠤ ᠡᠯ᠎ᠡ ᠵᠦᠢᠯ ᠤᠨ ᠠᠵᠢᠯ ᠢᠶᠠᠨ ᠠᠬᠢᠭᠤᠯᠬᠤ ᠬᠦᠴᠦᠲᠡᠶ ᠭᠠᠷᠳᠠᠴᠠ ᠪᠣᠯᠭᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠵᠢᠷᠤᠮᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠲᠡᠭᠡᠮᠵᠢ ᠶᠢᠨ  ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠦᠨ ᠲᠡᠭᠦᠯᠳᠡᠷᠵᠢᠭᠦᠯᠵᠦ᠂ ᠲᠥᠪ ᠭᠤᠤᠯᠴᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠶ ᠪᠠᠶᠢᠬᠤ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠢᠳᠡᠪᠬᠢᠲᠡᠶ ᠪᠣᠶ ᠪᠣᠯᠭᠠᠵᠤ᠂ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠶ᠋ᠯ ᠤᠨ ᠠᠵᠢᠯ ᠤᠶᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠪᠠ᠃      ᠥᠪᠥᠷ ᠮᠣᠩᠭᠤᠯ ᠤᠨ ᠭᠠᠶ ᠶᠠ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ᠂ ᠠᠵᠢᠯ ᠤᠨ ᠬᠠᠭᠤᠳᠠᠰᠤ ᠶᠢᠨ ᠶᠡᠷᠦᠩᠬᠡᠶ ᠲᠤᠭ᠎ᠠ᠂ ᠵᠠᠰᠠᠨ ᠰᠡᠯᠪᠢᠭᠦᠯᠬᠦ ᠪᠠᠷ ᠮᠡᠳᠡᠭᠦᠯᠦᠭᠰᠡᠨ ᠪᠠᠶᠢᠳᠠᠯ᠂ ᠰᠢᠢᠳᠪᠤᠷᠢᠯᠡᠭᠰᠡᠨ ᠠᠬᠢᠴᠠ ᠵᠡᠷᠭᠡ ᠣᠯᠠᠨ ᠵᠤᠶᠢᠯ ᠤᠨ ᠲᠤᠭ᠎ᠠ ᠪᠠᠷᠢᠮᠲᠠ ᠶᠢ ᠮᠡᠳᠡᠭᠡ ᠵᠠᠩᠭᠢᠵᠢᠯᠲᠠ ᠶᠢᠨ ᠲᠤᠭ᠎ᠠ ᠪᠠᠷᠢᠮᠲᠠ ᠶᠢᠨ ᠦᠵᠡᠭᠦᠯᠭᠡ ᠶᠢᠨ ᠲᠡᠯᠭᠡᠴᠡᠨ ᠳᠡᠭᠡᠷ᠎ᠡ ᠡᠷᠭᠢᠯᠳᠦᠭᠦᠯᠦᠨ ᠰᠢᠨᠡᠳᠬᠡᠵᠦ᠂ ︽ᠢᠯᠡ ᠲᠣᠳᠣ︾ ᠠᠳᠠᠯ ᠠᠬᠤᠶ ᠶᠢᠨ ᠤᠶᠢᠯᠡᠴᠢᠯᠡᠭᠡ ᠨᠢ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠭᠠᠶ ᠶᠠ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠦᠨᠡᠨᠴᠢ ᠢᠲᠡᠭᠡᠮᠵᠢ ᠪᠠᠨ ᠠᠵᠤ ᠠᠬᠤᠶᠢᠯᠠᠯ ᠤᠨ ᠲᠦᠷᠢᠮ ᠳᠤ ᠣᠷᠣᠭᠤᠯᠵᠤ᠂ ᠡᠳᠦᠷ ᠲᠤᠲᠤᠮ ᠤᠨ ᠡᠵᠡᠩᠨᠡᠯᠲᠡ ᠳᠡᠭᠡᠨ  ᠤᠶᠢᠯᠡᠳᠤᠯᠭᠡᠵᠢᠬᠦᠯᠵᠤ᠂ ᠥᠷᠭᠡᠨ ᠣᠯᠠᠨ ᠥᠮᠴᠢᠲᠡᠨ ᠤ ᠢᠲᠡᠭᠡᠯ ᠪᠠ ᠮᠠᠭᠲᠠᠭᠠᠯ ᠢ ᠣᠯᠵᠤ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠨᠡᠶᠢᠭᠡᠮᠯᠢᠭ ᠠᠴᠠ ︽ᠢᠲᠡᠭᠡᠮᠵᠢᠲᠡᠶ ᠠᠵᠤ ᠠᠬᠤᠶᠢᠯᠠᠯ︾ ᠭᠡᠬᠦ ᠢᠷᠠᠭᠤ ᠠᠯᠳᠠᠷ ᠤᠨ ᠴᠣᠯᠠ ᠣᠯᠭᠤᠪᠠ᠃        ᠠᠳᠠᠯ ᠠᠬᠤᠶ ᠶᠢᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢᠨ  ᠲᠦᠯᠦᠭᠡ᠂ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠤᠷᠢᠳ ᠬᠤᠵᠢᠳ ︽ᠤᠯᠠᠭᠠᠨᠬᠤᠲᠠ ᠶᠢᠨ ︿ᠢᠲᠡᠭᠡᠮᠵᠢ + ᠠᠳᠠᠯ ᠠᠬᠤᠶ﹀ ᠶᠢᠨ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠠᠢ᠃ ᠡᠭᠦᠨ ᠤ ᠬᠠᠮᠲᠤ ᠶᠡᠷᠦᠩᠬᠡᠶᠢᠯᠡᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠠᠳᠠᠯ ᠠᠬᠤᠶ ᠶᠢᠨ ᠤᠶᠢᠯᠡᠴᠢᠯᠡᠭᠡᠨ ᠤ ᠠᠵᠢᠯ ᠲᠥᠷᠥᠯ ᠤᠨ ︽ᠤᠯᠠᠭᠠᠨ ᠬᠠᠷ᠎ᠠ ᠰᠠᠮᠪᠠᠷ᠎ᠠ︾ ᠶᠢ ᠳᠣᠭᠢᠷᠠᠭᠤᠯᠵᠤ᠂ ᠠᠳᠠᠯᠢ ᠪᠤᠰᠤ ᠢᠲᠡᠭᠡᠮᠵᠢ ᠶᠢᠨ ᠲᠠᠰ ᠤᠨ ᠠᠵᠤ ᠠᠬᠤᠶᠢᠯᠠᠯ ᠳᠤ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠠᠳᠠᠯ ᠠᠬᠤᠶ ᠶᠢᠨ  ᠤᠶᠢᠯᠡᠴᠢᠯᠡᠭᠡᠨ ᠤ ᠠᠵᠤ ᠠᠬᠤᠶᠢᠯᠠᠯ ᠢ ᠲᠠᠶᠢᠴᠢᠯᠡᠨ ᠵᠢᠯᠣᠭᠤᠳᠴᠤ ᠪᠠᠶᠢᠭᠠᠳ ᠢᠲᠡᠭᠡᠮᠵᠢ ᠶᠢᠨ ᠦᠵᠡᠯ ᠤᠬᠠᠮᠰᠠᠷ ᠪᠠ ᠦᠨᠡᠨᠴᠢ ᠢᠲᠡᠭᠡᠮᠵᠢ ᠶᠢᠨ ᠬᠢᠷᠢ ᠬᠡᠮᠵᠢᠶ᠎ᠡ ᠶᠢ ᠨᠢ ᠲᠠᠰᠤᠷᠠᠯᠲᠠ ᠥᠬᠡᠶ ᠳᠡᠭᠡᠭᠰᠢᠯᠡᠭᠦᠯᠵᠤ ᠪᠤᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号