ᠤᠯᠠᠭᠠᠨᠬᠤᠲᠠ ᠶᠢᠨ ᠬᠤᠩ ᠶᠦᠨ ᠬᠦᠰᠡᠯᠡᠩᠲᠦ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠤᠷᠤᠭᠰᠢᠳᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2024/5/24
  ᠡᠨᠡ ᠵᠢᠯ ᠠᠴᠠ ᠨᠠᠰᠢ᠂ ᠤᠯᠠᠭᠠᠨᠬᠤᠲᠠ ᠶᠢᠨ ᠬᠢᠨ ᠠᠶᠢᠮᠠᠭ ᠤᠨ ᠨᠠᠮ ᠵᠠᠰᠠᠭ ᠤᠨ ᠰᠢᠨ᠎ᠡ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠢᠮᠠᠭᠲᠠ ᠶᠢᠨ ᠳᠦᠷᠢᠮᠲᠦ ᠰᠤᠷᠭᠠᠭᠤᠯᠢ ᠶᠢᠨ ᠲᠥᠷᠥᠯ ᠵᠤᠶᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠬᠤᠩ ᠶᠦᠨ ᠬᠦᠰᠡᠯᠡᠩᠲᠦ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠥᠬᠦ ᠬᠤᠲᠠ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠤᠶᠢᠯᠡᠰ ᠤᠨ ᠬᠥᠭᠵᠢᠯᠲᠡ ᠳᠤ ᠦᠷᠭᠦᠯᠵᠢᠯᠡᠨ  ᠬᠦᠴᠤᠨ ᠨᠡᠮᠡᠷᠢᠯᠡᠵᠤ ᠪᠠᠶᠢᠨ᠎ᠠ᠃       ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠬᠤᠩ ᠶᠦᠨ ᠬᠦᠰᠡᠯᠡᠩᠲᠦ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠰᠤᠪᠤᠷᠭᠠᠨ ᠳᠡᠭᠦᠵᠢᠩ ᠰᠡᠬᠦ᠋ᠢᠨ ᠰᠦᠨᠳᠡᠷᠯᠡᠵᠦ᠂ ᠮᠠᠰᠢᠨ ᠮᠧᠬᠠᠨᠢᠭ ᠬᠦᠷᠴᠢᠬᠢᠨᠡᠨ᠂ ᠲᠡᠭᠡᠭᠡᠪᠦᠷᠢ ᠶᠢᠨ ᠲᠡᠷᠭᠡ ᠬᠥᠰᠬᠡ ᠨᠠᠭᠠᠰᠢ ᠴᠠᠭᠠᠰᠢ ᠰᠦᠯᠵᠢᠯᠳᠦᠵᠦ᠂ ᠠᠵᠢᠯᠴᠢᠳ ᠶᠠᠭ ᠪᠠᠴᠢᠮ ᠶᠠᠭᠠᠷᠠᠯᠲᠠᠶ ᠡᠮᠬᠢ ᠵᠢᠷᠤᠮ ᠲᠠᠢ ᠪᠠᠷ ᠬᠡᠪ ᠬᠠᠪᠲᠠᠰᠤ ᠳᠡᠪᠢᠰᠴᠦ᠂ ᠪᠣᠯᠣᠳ ᠰᠢᠷᠪᠥᠰᠥ ᠶᠢ ᠤᠶᠠᠵᠤ᠂ ᠲᠥᠷᠥᠯ ᠵᠤᠶᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠭᠡᠵᠤ ᠪᠠᠶᠢᠨ᠎ᠠ᠃       ᠣᠶᠢᠯᠠᠭᠠᠭᠰᠠᠨ ᠢᠶᠠᠷ᠂ ᠲᠣᠰ ᠲᠥᠷᠥᠯ ᠵᠤᠶᠢᠯ ᠳᠤ ᠨᠡᠶᠢᠲᠡ 1928 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 5315.99 ᠲᠡᠭᠰᠢ ᠳᠥᠷᠪᠡᠯᠵᠢᠨ ᠮᠧᠲᠷ ᠪᠣᠯᠤᠨ᠎ᠠ᠃ ᠡᠭᠦᠨ ᠳᠤ᠂ ᠵᠢᠭᠠᠨ ᠰᠤᠷᠭᠠᠯᠲᠠ ᠶᠢᠨ ᠠᠰᠠᠷ 4576.97 ᠲᠡᠭᠰᠢ ᠳᠥᠷᠪᠡᠯᠵᠢᠨ ᠮᠧᠲᠷ ᠪᠠᠶᠢᠵᠤ᠂ 12 ᠪᠠᠭ᠎ᠠ ᠰᠤᠷᠭᠠᠭᠤᠯᠢ ᠶᠢᠨ ᠬᠢᠴᠢᠶᠡᠯ ᠤᠨ ᠬᠡᠷ ᠵᠢᠴᠢ ᠣᠯᠠᠨ ᠰᠢᠨᠵᠢᠯᠡᠭᠡᠨ ᠤ ᠴᠢᠳᠠᠮᠵᠢ ᠶᠢᠨ ᠬᠢᠴᠢᠶᠡᠯ ᠤᠨ ᠬᠡᠷ ᠲᠠᠢ ᠪᠠᠶᠢᠵᠤ᠂ ᠠᠳᠠᠯᠢ ᠪᠤᠰᠤ ᠰᠢᠨᠵᠢᠯᠡᠭᠡᠨ ᠤ ᠵᠢᠭᠠᠨ ᠰᠤᠷᠭᠠᠯᠲᠠ ᠶᠢᠨ ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠲᠥᠷᠥᠯ ᠵᠤᠶᠢᠯ ᠪᠠᠶᠢᠭᠤᠯᠤᠭᠳᠠᠭᠰᠠᠨ ᠤ ᠳᠠᠷᠠᠭ᠎ᠠ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢᠨ ᠨᠥᠬᠦᠴᠡᠯ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠰᠤᠷᠬᠤ ᠨᠠᠰᠤᠨ ᠤ ᠰᠣᠷᠣᠭᠴᠢᠳ ᠤᠨ ᠰᠤᠷᠭᠠᠭᠤᠯᠢ ᠳᠤ ᠣᠷᠣᠬᠤ ᠬᠡᠷᠡᠭᠴᠡᠭᠡ ᠶᠢ ᠭᠦᠢᠴᠡᠳ ᠬᠠᠩᠭᠠᠵᠤ᠂ ᠵᠢᠭᠠᠨ ᠰᠤᠷᠭᠠᠯᠲᠠ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃
 
ᠢᠷᠡᠯᠲᠡ᠄ ᠤᠯᠠᠭᠠᠨᠬᠤᠲᠠ  ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号