ᠤᠯᠠᠭᠠᠨᠬᠤᠲᠠ ︽ᠬᠤᠪᠢᠰᠬᠠᠯᠳᠦ ᠠᠳᠠᠯ ᠠᠬᠤᠶ︾ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠢᠳᠡᠪᠬᠢᠳᠡᠢ ᠡᠭᠦᠳᠴᠦ ᠪᠤᠢ
ᠨᠡᠶᠢᠲᠡᠯᠡᠭᠰᠡᠨ ᠴᠠᠭ᠄
2024/5/27
    ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠦᠨᠳᠦᠰᠦᠨ ᠱᠠᠳᠦᠨ ᠤ ᠵᠠᠰᠠᠯᠳᠠ ᠶᠢᠨ ᠠᠵᠢᠯ ᠤᠨ ᠳᠤᠮᠳᠠ ︽ᠬᠤᠪᠢᠰᠬᠠᠯᠳᠦ ᠠᠳᠠᠯ ᠠᠬᠤᠶ︾ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠨᠢᠭᠡ ᠠᠯᠬᠤᠮ᠂ ᠣᠯᠠᠨ ᠲᠦᠮᠡᠨ ᠤ ᠠᠩᠬᠠᠷᠤᠯ ᠳᠤ ᠬᠠᠷᠢᠭᠤ ᠥᠭᠬᠦ ᠵᠠᠩᠭᠢᠯᠠᠭ᠎ᠠ ᠶᠢᠨ ᠠᠷᠭ᠎ᠠ ᠪᠣᠯᠤᠭᠰᠠᠨ ᠪᠠᠶᠢᠨ᠎ᠠ᠃ ᠤᠯᠠᠭᠠᠨᠬᠤᠳᠠ ᠠᠯᠢ ᠤᠯᠠᠨ ᠬᠠᠮ ᠠᠷᠭ᠎ᠠ ᠬᠡᠮᠵᠢᠶ᠎ᠠ ᠶᠢ ᠰᠠᠶᠢᠲᠤᠷ ᠬᠡᠷᠡᠭᠯᠡᠨ ᠦᠨᠳᠦᠰᠦᠨ ᠱᠠᠲᠤᠨ ᠤ ᠵᠠᠰᠠᠯᠲᠠ ᠶᠢᠨ ᠳᠠᠪᠠᠭᠤᠯᠢᠭ ᠢ ᠳᠠᠰᠤᠷᠠᠯᠳᠠ ᠦᠭᠡᠢ ᠪᠠᠬᠢᠵᠢᠭᠦᠯᠵᠦ᠂ ᠨᠠᠮ ᠤᠨ ᠭᠡᠰᠢᠭᠦᠨ ᠤᠯᠠᠨ ᠲᠦᠮᠡᠨ ᠢ ᠰᠠᠶᠢᠲᠤᠷ ᠨᠢᠭᠲᠠᠷᠠᠭᠤᠯᠤᠨ ᠵᠣᠬᠢᠶᠠᠨ ᠪᠠᠶᠢᠭᠤᠯᠵᠤ᠂ ︽ᠶᠡᠭᠡ ᠶᠠᠪᠤᠳᠠᠯ ᠢ ᠬᠠᠮᠲᠤᠪᠠᠷ ᠵᠥᠪᠯᠡᠬᠦ᠂ ᠴᠢᠬᠤᠯᠠ ᠶᠠᠪᠤᠳᠠᠯ ᠢ ᠬᠠᠮᠲᠤᠪᠠᠷ ᠡᠷᠬᠢᠯᠡᠬᠦ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ︾ ᠠᠷᠭ᠎ᠠ ᠪᠠᠷ ᠤᠯᠠᠨ ᠲᠦᠮᠡᠨ ᠤ ᠦᠵᠡᠯᠲᠡ ᠶᠢ ᠦᠨᠡᠨᠬᠦ ᠬᠤᠪᠢᠷᠠᠭᠤᠯᠵᠤ᠂ ᠨᠡᠶᠢᠭᠡᠮ ᠲᠣᠭᠤᠷᠢᠭ᠂ ᠰᠠᠭᠤᠭᠠᠯᠢ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠢ ᠲᠠᠶᠢᠴᠢᠯᠠᠵᠠᠢ᠃     ᠤᠯᠠᠭᠠᠨᠬᠤᠲᠠ ᠨᠠᠮ ᠤᠨ ᠪᠠᠶᠢᠭᠤᠯᠤᠯᠲᠠ ᠪᠠᠷ ︽ᠬᠤᠪᠢᠰᠬᠠᠯᠳᠦ ᠠᠳᠠᠯ ᠠᠬᠤᠶ︾ ᠶᠢ ᠬᠥᠲᠥᠯᠦᠨ ᠳᠠᠭᠠᠭᠤᠯᠬᠤ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠭᠰᠡᠨ ᠠᠴᠠ ᠨᠠᠭᠠᠰᠢ᠂ ᠠᠳᠠᠯ ᠠᠬᠤᠶ ᠶᠢᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠣᠯᠠᠨ ᠲᠦᠮᠡᠨ ᠤ ᠬᠠᠷᠢᠯᠴᠠᠭ᠎ᠠ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠨᠡᠬᠡᠬᠡᠵᠠᠢ᠃ ᠣᠲᠣ ᠪᠣᠯᠲᠠᠯ᠎ᠠ᠂ ᠬᠤᠪᠢᠰᠬᠠᠯᠳᠦ ᠠᠳᠠᠯ ᠠᠬᠤᠶ ᠶᠢᠨ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠥᠷᠲᠡᠭᠡ ᠶᠢ ᠨᠡᠶᠢᠲᠡ 64 ᠪᠠᠶᠢᠭᠤᠯᠵᠤ᠂ ᠰᠠᠭᠤᠭᠠᠯᠢ ᠲᠣᠭᠤᠷᠢᠭ ᠤᠨ ︽ᠬᠤᠪᠢᠰᠬᠠᠯᠳᠦ ᠠᠳᠠᠯ ᠠᠬᠤᠶ︾ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ 519 ᠪᠠᠶᠢᠭᠤᠯᠵᠤ᠂ ᠪᠥᠬᠦ ᠬᠤᠲᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠪᠦᠷᠬᠦᠴᠡ ᠶᠢᠨ ᠨᠣᠷᠮ᠎ᠠ ᠶᠢ 2022 ᠣᠨ ᠤ ᠡᠬᠢᠨ ᠳᠤ 40% ᠪᠠᠶᠢᠭᠰᠠᠨ ᠢ 99.22% ᠪᠤᠯᠭᠠᠨ ᠳᠡᠭᠡᠭᠰᠢᠯᠡᠬᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠴᠢᠩᠭᠠᠷᠠᠭᠤᠯᠵᠠᠢ᠃     ︵ᠤᠭ᠍ᠶᠦ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号