ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠬᠢᠯᠢ ᠠᠯᠤᠰᠯᠠᠨ ᠰᠦᠯᠵᠢᠶᠡᠨ ᠳᠤ ᠵᠤᠭᠤᠰ ᠮᠦᠷᠤᠶᠢᠴᠡᠭᠰᠡᠨ ᠤᠨᠴᠠ ᠶᠡᠭᠡ ᠭᠡᠷᠡᠭ ᠢ ᠳᠠᠩᠨᠠᠨ ᠢᠯᠡᠷᠡᠭᠦᠯᠪᠡ
ᠨᠡᠶᠢᠲᠡᠯᠡᠭᠰᠡᠨ ᠴᠠᠭ᠄
2024/5/27
    ᠲᠦᠷᠦᠬᠦᠭᠡᠨ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠬᠢᠨ ᠭᠡᠷᠡᠭ ᠲᠤ ᠬᠤᠯᠪᠤᠬᠳᠠᠬᠰᠠᠨ ᠵᠤᠭᠤᠰ ᠨᠢ 10 ᠳ᠋ᠦᠡᠭᠰᠢᠭᠤᠷ ᠲᠦᠬᠦᠷᠢᠭ ᠬᠦᠷᠦᠭᠰᠡᠨ ᠬᠢᠯᠢ ᠠᠯᠤᠰᠯᠠᠨ ᠰᠦᠯᠵᠢᠶᠡᠨ ᠳᠤ ᠵᠤᠭᠤᠰ ᠮᠦᠷᠤᠶᠢᠴᠡᠭᠰᠡᠨ ᠨᠢᠭᠡᠨ ᠤᠨᠴᠠ ᠶᠡᠭᠡ ᠭᠡᠷᠡᠭ ᠢ ᠳᠠᠩᠨᠠᠨ ᠢᠯᠡᠷᠡᠬᠦᠯᠵᠥ᠂ 210 ᠭᠠᠷᠤᠢ ᠡᠯᠧᠺᠲᠷᠤᠨ ᠲᠤᠨᠤᠭ ᠳᠦᠭᠦᠭᠡᠷᠤᠮᠵᠢ ᠶᠢ ᠪᠠᠶᠢᠴᠠᠭᠠᠨ ᠢᠯᠠᠷᠡᠭᠦᠯᠵᠥ᠂ ᠭᠡᠷᠡᠭ ᠲᠤ ᠬᠤᠯᠪᠤᠬᠳᠠᠬᠰᠠᠨ 107 ᠭᠡᠷᠡᠭ ᠤᠨ ᠰᠡᠵᠢᠭᠳᠡᠨ ᠢ ᠪᠠᠷᠢᠪᠴᠢᠯᠠᠬᠰᠠᠨ ᠪᠠᠶᠢᠨ᠎ᠠ᠃     ᠡᠨᠡ ᠵᠢᠯ ᠤᠨ 3 ᠰᠠᠷ᠎ᠠ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ ᠴᠠᠭᠳᠠᠭ᠎ᠠ ᠡᠳᠦᠷ ᠳᠤᠳᠤᠮ ᠤᠨ ᠳᠤᠭᠤᠷᠢᠨ ᠪᠠᠶᠢᠴᠠᠭᠠᠯᠳᠠ ᠪᠠᠷ ᠳᠠᠮᠵᠢᠨ ᠪᠠᠶ ᠣᠪᠣᠭᠲᠤ ᠵᠡᠷᠭᠡ ᠬᠥᠮᠦᠰ ᠰᠦᠯᠵᠢᠶᠡᠨ ᠳᠤ ᠵᠣᠭᠤᠰ ᠮᠥᠷᠦ᠋ᠢᠴᠡᠵᠦ ᠪᠠᠶᠢᠭ᠎ᠠ ᠰᠦᠪᠡᠭᠴᠢ ᠶᠢ ᠤᠯᠤᠬᠰᠠᠨ ᠪᠠᠶᠢᠨ᠎ᠠ᠃ ᠪᠠᠶᠢᠴᠠᠭᠠᠯᠲᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠴᠠᠭᠳᠠᠭᠠᠨ ᠤ ᠲᠠᠯ᠎ᠠ ᠶᠢᠨ ᠬᠢᠨ ᠲᠣᠰ ᠰᠦᠯᠵᠢᠶᠡᠨ ᠲᠠᠪᠴᠠᠩ ᠢᠶᠠᠷ ᠳᠠᠮᠵᠢᠨ ᠵᠤᠭᠤᠰ ᠮᠦᠷᠦᠶᠢᠴᠡᠬᠦ ᠠᠵᠢᠯᠯᠠᠭ᠎ᠠ ᠳᠤ ᠤᠷᠤᠯᠴᠠᠵᠦ ᠪᠠᠶᠢᠭ᠎ᠠ ᠬᠥᠮᠦᠨ ᠤ ᠲᠤᠭ᠎ᠠ ᠮᠠᠰᠢ ᠤᠯᠠᠨ ᠮᠦᠷᠳᠡᠭᠡᠨ ᠵᠣᠭᠤᠰ ᠮᠦᠷᠦᠶᠢᠴᠡᠬᠦ ᠠᠵᠢᠯᠯᠠᠭ᠎ᠠ ᠳᠤ ᠣᠷᠣᠯᠴᠠᠭᠰᠠᠳ ᠨᠢ ᠪᠥᠬᠦ ᠤᠯᠤᠰ ᠤᠨ ᠡᠯ᠎ᠡ ᠭᠠᠵᠠᠷ ᠲᠤ ᠳᠠᠷᠬᠠᠬᠳᠠᠵᠦ᠂ ᠨᠢᠭᠡᠨ ᠬᠢᠯᠢ ᠠᠯᠤᠰᠯᠠᠭᠰᠠᠨ ᠰᠦᠯᠵᠢᠶᠡᠨ ᠳᠤ ᠵᠣᠭᠤᠰ ᠮᠦᠷᠦᠶᠢᠴᠡᠬᠦ ᠲᠠᠪᠴᠠᠩ ᠪᠤᠯᠬᠤ ᠶᠢ ᠮᠠᠳᠡᠪᠡ᠃     ᠲᠠᠩᠨᠠᠨ ᠪᠠᠶᠢᠴᠠᠭᠠᠯᠲᠠ ᠪᠠᠷ ᠲᠠᠮᠵᠢᠨ ᠢᠯᠡᠷᠡᠬᠦᠯᠦᠭᠰᠡᠨ ᠨᠢ᠂ ᠲᠤᠰ ᠵᠣᠭᠤᠰ ᠮᠦᠷᠦᠶᠢᠴᠡᠬᠦ ᠲᠠᠪᠴᠠᠩ ᠤᠨ ᠦᠢᠯᠡᠴᠢᠯᠡᠬᠦᠷ ᠨᠢ ᠬᠢᠯᠢ ᠶᠢᠨ ᠭᠠᠳᠠᠨ᠎ᠠ ᠪᠠᠶᠢᠵᠦ᠂ ᠣᠷᠣᠯᠠᠨ ᠬᠦᠢᠴᠡᠳᠭᠡᠭᠴᠢ ᠶᠢ ᠬᠦᠭᠵᠢᠬᠦᠯᠬᠦ ᠪᠠᠷ ᠳᠠᠮᠵᠢᠨ ᠵᠣᠭᠤᠰ ᠮᠥᠷᠦ᠋ᠢᠴᠡᠬᠦ ᠳᠠᠪᠴᠠᠩ ᠢ ᠲᠦᠭᠡᠮᠡᠯᠵᠢᠬᠦᠯᠤᠨ᠂ ᠵᠤᠭᠤᠰ ᠮᠦᠷᠦᠶᠢᠴᠡᠬᠦ ᠡᠳᠡᠭᠡᠳ ᠢ ᠳᠡᠳᠡᠨ ᠤᠷᠤᠭᠤᠯᠵᠦ ᠪᠤᠢ᠃ ᠮᠦᠨ ᠴᠤ ᠬᠡᠷᠡᠭ ᠲᠤ ᠬᠤᠯᠪᠣᠭᠳᠠᠭᠰᠠᠨ ᠬᠥᠮᠥᠨ ᠤ ᠲᠤᠭ᠎ᠠ ᠨᠢ ᠣᠯᠠᠨ᠂ ᠲᠠᠪᠴᠡᠩ ᠤᠨ ᠠᠵᠢᠯᠲᠠᠨ ᠤ ᠳᠡᠰ ᠳᠠᠪᠬᠤᠷᠭ᠎ᠠ ᠨᠢ ᠪᠤᠳᠤᠯᠢᠶᠠᠨᠲᠠᠢ᠂ ᠪᠡᠯᠡ ᠮᠥᠩᠭᠦ ᠶᠢᠨ ᠲᠤᠭ᠎ᠠ ᠨᠢ ᠶᠡᠭᠡ᠂ ᠳᠠᠪᠴᠠᠩ ᠤᠨ ᠬᠠᠮᠢᠶᠠᠷᠤᠯᠳᠠ ᠶᠢᠨ ᠪᠦᠯᠬᠦᠮ ᠤᠨ ᠬᠤᠭᠤᠷᠤᠨᠳᠦ ᠪᠠᠨ ᠬᠢᠯᠢ ᠶᠢᠨ ᠭᠠᠳᠠᠨᠠᠬᠢ ᠶᠠᠷᠢᠯᠴᠠᠭᠠᠨ ᠤ ᠵᠥᠭᠡᠯᠡᠨ ᠲᠣᠨᠤᠭ ᠢᠶᠠᠷ ᠬᠠᠷᠢᠯᠴᠠᠵᠦ᠂ ᠭᠡᠷᠡᠴᠢ ᠬᠤᠷᠠᠮᠳᠤᠭᠤᠯᠬᠤ ᠳᠤ ᠨᠡᠯᠢᠶᠡᠳ ᠬᠦᠴᠢᠷᠲᠡᠢ ᠪᠠᠶᠢᠯ᠎ᠠ᠃ ᠡᠨᠡᠬᠦ ᠪᠠᠶᠢᠳᠡᠯ ᠳᠤ ᠴᠢᠭᠯᠡᠬᠦᠯᠤᠨ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠳᠠᠩᠨᠠᠨ ᠪᠠᠶᠢᠴᠠᠭᠠᠬᠤ ᠲᠤᠰᠬᠠᠶ ᠲᠤᠭᠤᠶᠢᠯᠠᠩ ᠠᠴᠠ ᠪᠠᠶᠢᠴᠠᠭᠠᠯᠳᠠ ᠶᠢᠨ ᠬᠡᠪᠴᠢᠶ᠎ᠡ ᠪᠠᠨ ᠥᠷᠭᠡᠳᠭᠡᠵᠦ᠂ ᠭᠡᠷᠡᠭ ᠲᠤ ᠬᠤᠯᠪᠤᠬᠳᠠᠬᠰᠠᠨ ᠬᠥᠮᠦᠨ ᠪᠠ ᠬᠡᠷᠡᠭ ᠪᠣᠳᠠᠰ ᠤᠨ ᠵᠢᠮ᠎ᠡ ᠶᠣᠰᠣᠨ ᠤ ᠣᠨᠴᠠᠯᠢᠭ ᠪᠠ ᠪᠡᠯᠡ ᠮᠥᠩᠭᠦ ᠶᠢᠨ ᠰᠢᠯᠵᠢᠯᠳᠠ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠡᠴᠦᠰ ᠲᠡᠭᠡᠨ ᠭᠤᠤᠯ ᠭᠡᠷᠡᠭ ᠤᠨ ᠰᠡᠵᠢᠭᠳᠡᠨ ᠵᠠᠩ ᠣᠪᠣᠭᠲᠤ᠂ ᠴᠧᠨ ᠣᠪᠣᠭᠲᠤ ᠵᠡᠷᠭᠡ ᠬᠥᠮᠦᠰ ᠤᠨ ᠪᠡᠶ᠎ᠡ ᠬᠡᠮ ᠤᠨ ᠮᠡᠳᠡᠭᠡ ᠵᠠᠩᠭᠢ ᠶᠢ ᠢᠯᠡᠷᠡᠬᠦᠯᠵᠦ᠂ ᠳᠡᠷᠡ ᠳᠠᠷᠤᠢ 179 ᠴᠠᠬᠳᠠᠭᠠᠨ ᠤ ᠬᠦᠴᠦᠨ ᠢ ᠬᠦᠳᠡᠯᠭᠡᠨ᠂ 17 ᠮᠤᠵᠢ ᠣᠷᠣᠨ ᠢᠶᠠᠷ ᠬᠦᠨᠵᠡᠭᠡᠶᠢᠷᠡᠬᠦᠯᠭᠦ ᠶᠢᠨ ᠵᠡᠷᠭᠡᠪᠡᠷ ᠪᠠᠷᠢᠪᠴᠢᠯᠠᠬᠤ ᠠᠵᠢᠯᠯᠠᠭ᠎ᠠ ᠦᠷᠨᠢᠬᠦᠯᠪᠡ᠃ ᠳᠡᠭᠡᠭᠡᠳ ᠵᠠᠩ ᠣᠪᠣᠭᠲᠤ᠂ ᠴᠧᠨ ᠣᠪᠣᠭᠲᠤ ᠪᠠᠷ ᠳᠤᠯᠤᠭᠠᠶᠢᠯᠠᠭᠤᠯᠤᠬᠰᠠᠨ 107 ᠭᠡᠷᠡᠭ ᠤᠨ ᠰᠡᠵᠢᠭᠳᠡᠨ ᠢ ᠪᠠᠷᠢᠪᠴᠢᠯᠠᠵᠤ᠂ ᠡᠨᠡᠬᠦ ᠰᠦᠯᠵᠢᠶᠡᠨ ᠳᠤ ᠵᠤᠭᠤᠰ ᠮᠦᠷᠦᠶᠢᠴᠡᠬᠦ  ᠳᠠᠪᠴᠠᠩ ᠢ ᠨᠤᠷᠭᠠᠵᠠᠢ᠃     ᠣᠳᠣᠬᠠᠨ ᠳᠤ᠂ ᠳᠤᠰ ᠬᠡᠷᠡᠭ ᠢ ᠤᠯᠠᠮ ᠨᠢᠭᠡ ᠠᠯᠬᠤᠮ ᠲᠠᠩᠨᠠᠨ ᠪᠠᠶᠢᠴᠠᠭᠠᠵᠤ ᠪᠠᠶᠢᠨ᠎ᠠ᠃   ︵ᠬᠣ᠋ ᡁᠢ ᠮᠢᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号