ᠬᠡᠲᠦᠷᠡᠳᠡᠯ᠎ᠠ ᠶᠠᠲᠠᠷᠠᠪᠠᠯ ᠪᠡᠶ᠎ᠡ ᠮᠠᠬᠠᠪᠤᠳ ᠴᠢᠨᠢ ᠲᠠᠨ ᠳᠤ ᠡᠶᠢᠮᠦ ᠲᠤᠬᠢᠶ᠎ᠠ ᠦᠭᠬᠦᠨ᠎ᠡ
ᠨᠡᠶᠢᠲᠡᠯᠡᠭᠰᠡᠨ ᠴᠠᠭ᠄
2024/5/27
    ᠥᠨᠥᠳᠦᠷ᠂ ᠠᠮᠢᠲᠤᠷᠠᠯ ᠤᠨ ᠠᠶᠢᠵᠠᠮ ᠲᠦᠷᠭᠡᠰᠴᠦ᠂ ᠠᠵᠢᠯ ᠤᠨ ᠲᠠᠷᠤᠭᠠᠰᠦ ᠨᠡᠮᠡᠭᠳᠡᠨ᠂ ︽ᠬᠡᠲᠦᠷᠡᠳᠡᠯ᠎ᠡ ᠶᠠᠳᠠᠷᠠᠭᠠᠳ ᠮᠠᠷᠢᠶᠠᠯᠠᠬᠤ︾᠂ ︽ᠭᠡᠲᠦᠷᠡᠳᠡᠯ᠎ᠡ ᠶᠠᠲᠠᠷᠠᠭᠠᠳ ᠮᠠᠨᠠᠷᠠᠬᠤ︾ ᠵᠡᠷᠭᠡ ᠡᠷᠡᠭᠦᠯ ᠮᠡᠨᠳᠦ ᠶᠢᠨ ᠠᠰᠠᠭᠤᠳᠠᠯ ᠴᠤ ᠶᠠᠪᠤᠬᠤ ᠲᠤᠲᠤᠮ ᠬᠦᠮᠦᠰ ᠤᠨ ᠠᠩᠬᠠᠷᠤᠯ ᠢ ᠲᠠᠲᠠᠵᠤ ᠪᠠᠶᠢᠨ᠎ᠠ᠃ ᠡᠳᠡᠭᠡᠷ ᠢ ᠬᠡᠯᠡᠵᠦ ᠪᠠᠶᠢᠭ᠎ᠠ ᠨᠢ ᠲᠠᠨ ᠢ ᠠᠶᠤᠯᠭᠠᠬᠤ ᠶᠢᠨ ᠲᠥᠯᠥᠭᠡ ᠪᠢᠰᠢ᠂ ᠬᠠᠷᠢᠨ ᠡᠷᠡᠭᠦᠯ ᠮᠡᠨᠳᠦ ᠶᠢᠨ ᠠᠰᠠᠭᠤᠳᠠᠯ ᠳᠠᠭᠠᠨ ᠵᠥᠪ ᠢᠶᠠᠷ ᠬᠠᠨᠳᠤᠵᠤ᠂ ᠪᠡᠶ᠎ᠡ ᠮᠠᠬᠠᠪᠣᠳ ᠬᠠᠪᠤ ᠦᠬᠡᠢ ᠪᠤᠯᠤᠭᠰᠠᠨ ᠤ ᠲᠠᠷᠠᠭᠠᠬᠢ ᠳᠣᠬᠢᠶ᠎ᠠ ᠶᠢ ᠡᠷᠳᠡᠭᠡᠨ ᠤᠯᠵᠦ ᠮᠡᠳᠡᠭᠡᠳ ᠬᠤᠷᠲᠤᠬᠠᠨ ᠠᠷᠭ᠎ᠠ ᠬᠡᠮᠵᠢᠶ᠎ᠡ ᠠᠪᠬᠤ ᠶᠢ ᠰᠠᠨᠠᠭᠤᠯᠤᠶ᠎ᠠ ᠭᠡᠰᠡᠨ ᠶᠤᠮ᠃ ᠲᠡᠭᠡᠪᠡᠯ ᠳᠤᠤᠷᠠᠬᠢ ᠬᠡᠲᠦᠨ ᠰᠡᠷᠡᠮᠵᠢ ᠶᠢᠨ ᠳᠣᠬᠢᠶ᠎ᠠ ᠶᠢ ᠲᠠ ᠤᠯᠵᠦ ᠮᠡᠳᠡᠭᠰᠡᠨ ᠤᠤ︖     ᠬᠡᠪᠡᠯᠢ ᠶᠢᠨ ᠬᠡᠰᠡᠭ ᠮᠠᠷᠢᠶᠠᠯᠠᠬᠤ᠄ 30 — 50 ᠨᠠᠰᠤᠨ ᠤ ᠬᠥᠮᠦᠨ ᠤ ᠬᠡᠪᠡᠯᠢ ᠶᠢᠨ ᠬᠡᠰᠡᠭ ᠮᠠᠷᠢᠶᠠᠯᠠᠬᠤ ᠨᠢ ᠦᠷᠭᠦᠯᠵᠢ ᠴᠢᠰᠤᠨ ᠥᠭᠡᠬᠦ ᠥᠨᠳᠥᠷᠵᠢᠬᠦ᠂ ᠡᠯᠢᠭᠡ ᠥᠭᠡᠬᠦᠯᠡᠬᠦ᠂ ᠴᠢᠰᠤᠨ ᠳᠠᠷᠤᠯᠲᠠ ᠥᠨᠳᠥᠷᠵᠢᠬᠦ ᠪᠠ ᠵᠢᠷᠦᠬᠡᠨ ᠲᠢᠲᠢᠮ ᠤᠨ ᠡᠪᠡᠳᠴᠢᠨ ᠵᠡᠷᠭᠡ ᠲᠠᠢ ᠬᠤᠯᠪᠤᠭ᠎ᠠ ᠲᠠᠢ ᠪᠠᠶᠢᠲᠠᠭ᠃ ᠡᠭᠦᠨ ᠠᠴᠠ ᠭᠠᠳᠠᠨ᠎ᠠ᠂ ᠭᠡᠳᠡᠰᠦ ᠪᠦᠲᠦᠬᠦᠷᠡᠬᠦ ᠨᠢ ᠪᠠᠰᠠ ᠴᠢᠰᠤᠨ ᠰᠢᠬᠢᠷ ᠬᠡᠪ ᠤᠨ ᠪᠤᠰᠤ᠂ ᠲᠠᠮᠠᠬᠢ ᠲᠠᠲᠠᠬᠤ ᠵᠡᠷᠭᠡ ᠰᠢᠯᠲᠠᠭᠠᠨ ᠪᠠ ᠢᠳᠡᠭᠡᠨ ᠤᠮᠳᠠᠭᠠᠨ ᠤ ᠮᠠᠭᠤ ᠳᠠᠳᠬᠠᠯ ᠠᠴᠠ ᠪᠣᠯᠤᠬᠰᠠᠨ ᠪᠠᠶᠢᠵᠦ ᠮᠡᠳᠡᠨ᠎ᠡ᠃     ᠬᠡᠵᠢᠬᠡ ᠤᠨᠠᠬᠤ᠄ ᠠᠵᠢᠯ ᠤᠨ ᠳᠠᠷᠤᠭᠠᠰᠤ ᠨᠡᠮᠡᠭᠳᠡᠬᠦ ᠪᠠ ᠣᠶᠤᠨ ᠰᠠᠨᠠᠭᠠᠨ ᠤ ᠪᠠᠴᠢᠮᠳᠠᠯ ᠠᠴᠠ ᠪᠤᠯᠵᠦ ᠬᠡᠵᠢᠭᠡ ᠤᠨᠠᠲᠠᠭ᠃ ᠡᠬᠦᠨ ᠠᠴᠠ ᠭᠠᠲᠠᠨ᠎ᠠ ᠪᠠᠰᠠ ᠨᠦᠢᠷ ᠬᠤᠯᠵᠢᠬᠤ ᠡᠰᠡᠬᠦᠯ᠎ᠡ ᠬᠡᠲᠦ ᠤᠷᠤᠢ ᠤᠨᠲᠠᠬᠤ ᠵᠡᠷᠭᠡ ᠨᠢ ᠠᠷᠠᠰᠤᠨ ᠤ ᠥᠭᠡᠬᠦ ᠶᠢᠨ ᠱᠦᠭᠦᠷᠡᠯᠲᠡ ᠶᠢ ᠨᠡᠮᠡᠭᠳᠡᠭᠦᠯᠵᠦ᠂ ᠥᠭᠡᠬᠦ ᠨᠡᠪᠴᠢᠬᠦ ᠴᠢᠨᠠᠷᠲᠠᠢ ᠦᠰᠦ ᠤᠨᠠᠬᠤ ᠪᠠᠶᠢᠲᠠᠯ ᠢ ᠡᠬᠦᠰᠭᠡᠳᠡᠭ᠃ ᠪᠠᠰᠠ ᠵᠠᠷᠢᠮ ᠦᠷᠭᠦᠯᠵᠢ ᠲᠣᠬᠢᠶᠠᠯᠳᠤᠳᠠᠭ ᠳᠣᠲᠣᠷ ᠰᠠᠯᠠᠭᠠᠨ ᠤ ᠡᠪᠡᠳᠴᠢᠨ᠂ ᠵᠢᠱᠢᠶᠡᠯᠡᠪᠡᠯ ᠡᠯᠢᠭᠡ ᠪᠥᠭᠡᠷᠡᠨ ᠤ ᠠᠵᠢᠯᠯᠠᠭ᠎ᠠ ᠶᠢᠨ ᠭᠡᠮᠲᠦᠯ ᠵᠢᠴᠢ ᠪᠠᠮᠪᠠᠢ ᠪᠤᠯᠴᠢᠷᠬᠠᠶ᠂ ᠳᠣᠲᠣᠭᠠᠳᠤ ᠱᠦᠭᠦᠷᠡᠯ ᠵᠡᠷᠭᠡ ᠠᠵᠢᠯᠯᠠᠭ᠎ᠠ ᠶᠢᠨ ᠰᠠᠮᠠᠭᠤᠷᠠᠯ ᠠᠴᠠ ᠪᠣᠯᠵᠤ ᠬᠡᠵᠢᠬᠡ ᠤᠨᠠᠲᠠᠭ ᠪᠠᠶᠢᠨ᠎ᠠ᠃     ᠰᠢᠬᠡᠰᠦ ᠠᠯᠲᠠᠬᠤ᠄ 30 — 40 ᠨᠠᠰᠤᠨ ᠤ ᠬᠤᠭᠤᠷᠣᠨᠳᠣᠬᠢ ᠬᠥᠮᠦᠨ ᠪᠠᠶᠢᠨ ᠳᠠᠬᠢᠨ ᠵᠣᠷᠯᠣᠩ ᠳᠤ ᠤᠷᠤᠵᠦ᠂ ᠵᠤᠷᠯᠤᠩ ᠳᠤ ᠤᠷᠤᠬᠤ ᠲᠤᠭ᠎ᠠ ᠨᠢ ᠡᠩ ᠤᠨ ᠬᠥᠮᠦᠨ ᠠᠴᠠ ᠢᠯᠡᠬᠦᠦ ᠪᠠᠶᠢᠬᠤ ᠨᠢ ᠡᠷᠡᠬᠦᠯ ᠮᠠᠨᠲᠦ ᠶᠢᠨ ᠠᠰᠠᠭᠤᠲᠠᠯ ᠤᠷᠤᠰᠢᠵᠦ ᠪᠠᠶᠢᠭ᠎ᠠ ᠶᠢ ᠨᠢᠬᠡ ᠲᠠᠯ᠎ᠠ ᠠᠴᠠ ᠬᠠᠷᠠᠭᠤᠯᠵᠦ ᠪᠠᠶᠢᠲᠠᠭ᠃ ᠤᠰᠤ ᠠᠷᠪᠢᠨ ᠤᠤᠭᠤᠬᠤ᠂ ᠦᠷᠪᠢᠰᠦᠯ ᠵᠡᠷᠭᠡ ᠬᠦᠴᠦᠨ ᠵᠦᠢᠯ ᠠᠴᠠ ᠭᠠᠳᠠᠨ᠎ᠠ᠂ ᠣᠶᠤᠨ ᠰᠠᠨᠠᠭᠠᠨ ᠤ ᠳᠠᠷᠤᠯᠲᠠ ᠨᠢ ᠮᠥᠨ ᠴᠦ ᠪᠠᠶᠢᠨ ᠲᠠᠬᠢᠨ ᠰᠢᠬᠡᠬᠦ ᠶᠢᠨ ᠨᠢᠬᠡᠨ ᠰᠢᠯᠲᠠᠭᠠᠨ ᠪᠣᠯᠤᠨ᠎ᠠ᠂ ᠪᠠᠰᠠ ᠪᠦᠬᠡᠷ᠎ᠠ ᠶᠢᠨ ᠴᠢᠯᠠᠭᠤᠵᠢᠮᠠᠯ ᠪᠤᠶᠤ ᠰᠢᠭᠡᠰᠦ ᠢᠯᠭᠠᠷᠠᠭᠤᠯᠬᠤ ᠰᠢᠰᠲ᠋ᠧᠮ ᠤᠨ ᠡᠪᠡᠳᠴᠢᠨ ᠠᠴᠠ ᠪᠤᠯᠤᠬᠰᠠᠨ ᠪᠠᠶᠢᠵᠦ ᠮᠡᠳᠡᠨ᠎ᠡ᠃     ᠴᠡᠭᠡᠵᠢᠯᠡᠬᠦ ᠴᠢᠳᠠᠪᠤᠷᠢ ᠮᠠᠭᠤᠳᠠᠬᠤ᠄ ᠵᠣᠪᠠᠵᠦ ᠪᠤᠬᠢᠨᠢᠳᠤᠬᠤ᠂ ᠨᠦᠢᠷ ᠬᠤᠯᠵᠢᠵᠤ ᠰᠥᠨᠢᠵᠢᠨ ᠰᠠᠭᠤᠬᠤ ᠪᠠ ᠲᠠᠷᠢᠬᠢ ᠪᠠᠨ ᠬᠡᠲᠦᠷᠡᠲᠡᠯ᠎ᠡ ᠭᠡᠷᠡᠭᠯᠡᠬᠦ ᠵᠡᠷᠭᠡ ᠨᠢ ᠪᠦᠷ ᠴᠡᠭᠡᠵᠢᠯᠡᠬᠦ ᠴᠢᠳᠠᠪᠤᠷᠢ ᠶᠢ ᠲᠤᠷᠦ᠋ᠢᠲᠠᠭᠤᠯᠲᠠᠭ᠃ ᠡᠬᠦᠨ ᠠᠴᠠ ᠭᠠᠲᠠᠨ᠎ᠠ᠂ ᠪᠡᠶ᠎ᠡ ᠶᠠᠳᠠᠷᠠᠬᠤ ᠶᠢ ᠲᠠᠭᠠᠯᠲᠤᠨ ᠭᠠᠳᠠᠭᠠᠳᠤ ᠶᠢᠷᠳᠢᠨᠴᠤ ᠶᠢᠨ ᠬᠡᠷᠡᠭ ᠪᠣᠳᠠᠰ ᠢ ᠰᠡᠷᠭᠡᠭ ᠢᠶᠠᠷ ᠲᠠᠨᠢᠬᠤ ᠬᠡᠮᠵᠢᠶ᠎ᠡ ᠨᠢ ᠪᠠᠭᠤᠷᠠᠵᠤ᠂ ᠴᠡᠭᠡᠵᠢᠯᠡᠬᠦ ᠴᠢᠳᠠᠪᠤᠷᠢ ᠴᠤ ᠮᠠᠭᠤᠲᠠᠲᠠᠭ᠃     ᠴᠡᠭᠡᠵᠢ ᠪᠠᠷ ᠪᠤᠲᠤᠬᠤ ᠴᠢᠲᠠᠪᠦᠷᠢ ᠲᠤᠷᠦ᠋ᠢᠲᠠᠬᠤ᠄ ᠴᠡᠭᠡᠵᠢᠯᠡᠬᠦ ᠴᠢᠳᠠᠪᠤᠷᠢ ᠪᠠᠭᠤᠷᠠᠬᠤ ᠲᠠᠢ ᠠᠳᠠᠯᠢ ᠪᠠᠷ᠂ ᠴᠡᠭᠡᠵᠢ ᠪᠠᠷ ᠪᠤᠳᠤᠬᠤ ᠴᠢᠳᠠᠪᠤᠷᠢ ᠶᠢᠨ ᠮᠠᠭᠤᠳᠠᠬᠤ ᠨᠢ ᠴᠦ ᠰᠥᠨᠢᠵᠢᠨ ᠰᠠᠭᠤᠬᠤ᠂ ᠨᠦᠢᠷ ᠬᠤᠯᠵᠢᠬᠤ ᠵᠡᠷᠭᠡ ᠲᠠᠢ ᠬᠤᠯᠪᠣᠭ᠎ᠠ ᠲᠠᠢ ᠪᠠᠶᠢᠳᠠᠭ᠃     ᠠᠭᠤᠷᠯᠠᠵᠦ ᠲᠤᠭᠰᠢᠷᠠᠬᠤ᠄ ᠡᠨᠡ ᠨᠢ ᠠᠵᠢᠯ ᠤᠨ ᠲᠠᠷᠤᠭᠠᠰᠦ᠂ ᠠᠮᠢᠲᠤᠷᠠᠯ ᠤᠨ ᠨᠤᠬᠤᠴᠠᠭᠠᠨ ᠠᠴᠠ ᠪᠤᠯᠤᠬᠰᠠᠨ ᠪᠠᠶᠢᠵᠦ ᠮᠡᠳᠡᠨ᠎ᠡ᠃ ᠡᠳᠡᠭᠡᠷ ᠢᠯᠡᠷᠡᠯ ᠭᠠᠷᠪᠠᠯ ᠴᠠᠭ ᠲᠤᠬᠠᠶ ᠳᠤᠨᠢ ᠥᠪᠡᠷ ᠤᠨ ᠰᠡᠳᠭᠢᠴᠡ ᠪᠠ ᠠᠵᠢᠯᠯᠠᠵᠤ ᠠᠮᠠᠷᠠᠬᠤ ᠴᠠᠭ ᠢᠶᠠᠨ ᠲᠣᠬᠢᠷᠠᠭᠤᠯᠵᠦ᠂ ᠰᠡᠳᠭᠢᠯ ᠰᠠᠨᠠᠭ᠎ᠠ ᠪᠠᠨ ᠲᠠᠶᠢᠪᠤᠰᠢᠷᠠᠭᠤᠯᠵᠦ᠂ ᠲᠤᠭᠤᠰᠢᠲᠠᠢ ᠠᠮᠠᠷᠠᠵᠦ ᠪᠤᠯᠤᠨ᠎ᠠ᠃     ᠠᠩᠬᠠᠷᠤᠯ ᠲᠥᠪᠯᠡᠷᠡᠭᠦ ᠦᠬᠡᠢ᠄ ᠡᠨᠡ ᠨᠢ ᠨᠦᠢᠷ ᠮᠠᠭᠤ ᠠᠴᠠ ᠪᠤᠯᠤᠬᠰᠠᠨ ᠠᠴᠠ ᠭᠠᠳᠠᠨ᠎ᠠ ᠤᠶᠤᠨ ᠰᠠᠨᠠᠭᠠᠨ ᠤ ᠭᠠᠨᠭ᠍ᠰᠠᠷᠠᠯ ᠲᠠᠢ ᠬᠠᠮᠢᠶ᠎ᠠ ᠲᠠᠢ ᠪᠠᠶᠢᠵᠦ ᠮᠡᠳᠡᠨ᠎ᠡ᠃ ᠰᠡᠳᠭᠢᠯ ᠤᠨ ᠳᠠᠷᠤᠯᠲᠠ ᠶᠡᠭᠡ ᠪᠤᠯ ᠪᠡᠶ᠎ᠡ ᠴᠦ ᠲᠠᠭᠠᠨ ᠮᠠᠭᠤᠲᠠᠵᠦ᠂ ᠤᠷᠮ᠎ᠠ ᠰᠡᠳᠭᠢᠯᠭᠡ ᠶᠢ ᠨᠥᠯᠥᠭᠡᠯᠡᠬᠦ ᠪᠠᠷ ᠪᠠᠷᠠᠬᠤ ᠥᠬᠡᠶ ᠬᠥᠮᠦᠰ ᠤᠨ ᠲᠠᠨᠢᠨ ᠮᠡᠳᠡᠬᠦᠶ ᠶᠢ ᠴᠦ ᠨᠥᠯᠥᠭᠡᠯᠡᠳᠡᠭ᠃ ᠡᠶᠢᠮᠦ ᠠᠴᠠ ᠡᠩ ᠤᠨ ᠠᠮᠢᠲᠤᠷᠠᠯ ᠳᠠᠭᠠᠨ ᠲᠠᠷᠤᠭᠠᠰᠦ ᠪᠠᠨ ᠬᠦᠡᠭᠭᠡᠯᠡᠵᠦ ᠰᠡᠳᠭᠢᠯ ᠢᠶᠠᠨ ᠠᠷᠭᠠᠲᠠᠵᠦ ᠰᠤᠷᠬᠤ ᠨᠢ ᠴᠢᠬᠤᠯᠠ᠃     ᠨᠦᠢᠷ ᠮᠠᠭᠤᠳᠠᠬᠤ᠄ ᠤᠨᠲᠠᠬᠤ ᠴᠠᠭ ᠤᠯᠠᠮ ᠠᠴᠠ ᠤᠯᠠᠮ ᠣᠬᠤᠷ ᠪᠣᠯᠵᠤ᠂ ᠰᠦᠨᠢ ᠳᠡᠭᠡᠨ ᠤᠨᠲᠠᠬᠤ ᠦᠬᠡᠢ ᠂ ᠡᠲᠦᠷ ᠲᠡᠭᠡᠨ ᠴᠤᠭ ᠰᠦᠯᠳᠡ ᠦᠬᠡᠢ᠃ ᠡᠳᠡᠭᠡᠷ ᠨᠢ ᠪᠦᠷ ᠣᠶᠤᠨ ᠰᠠᠨᠠᠭᠠᠨ ᠤ ᠰᠠᠮᠠᠭᠤᠷᠠᠯ ᠠᠴᠠ ᠪᠣᠯᠵᠠᠶ᠃ ᠣᠶᠤᠨ ᠰᠠᠨᠠᠭᠠᠨ ᠤ ᠳᠠᠷᠤᠯᠲᠠ ᠶᠡᠭᠡ᠂ ᠰᠠᠨᠲᠤᠷᠤᠯ ᠪᠠᠴᠢᠮᠳᠠᠯ ᠠᠴᠠ ᠪᠣᠯᠵᠤ ᠤᠨᠲᠠᠯᠭ᠎ᠠ ᠶᠢᠨ ᠶᠠᠰᠦ ᠴᠢᠨᠠᠷ ᠳᠣᠷᠣᠭᠰᠢᠯᠠᠨ᠎ᠠ᠃ ᠤᠨᠲᠠᠬᠤ ᠠᠴᠠ ᠪᠠᠨ ᠡᠮᠦᠨ᠎ᠡ ᠬᠥᠭᠵᠢᠮ ᠰᠣᠨᠣᠰᠴᠤ᠂ ᠰᠡᠳᠭᠢᠯ ᠰᠠᠨᠠᠭ᠎ᠠ ᠪᠠᠨ ᠲᠠᠶᠢᠪᠤᠰᠢᠷᠠᠭᠤᠯᠵᠤ᠂ ᠪᠠᠰᠠ ᠬᠠᠯᠠᠭᠤᠨ ᠤᠰᠤ ᠪᠠᠷ ᠬᠦᠯ ᠢᠶᠠᠨ ᠲᠡᠪᠳᠦᠭᠡᠭᠦ ᠪᠤᠶᠤ ᠨᠢᠭᠡ ᠴᠣᠮᠣ ᠬᠠᠯᠠᠭᠤᠨ ᠰᠦ ᠤᠤᠭᠤᠵᠤ ᠪᠣᠯᠤᠨ᠎ᠠ᠂ ᠡᠨᠡ ᠨᠢ ᠪᠦᠷ ᠤᠨᠲᠠᠯᠭ᠎ᠠ ᠳᠤ ᠬᠠᠪᠰᠤᠷᠤᠮᠵᠢ ᠪᠣᠯᠳᠠᠭ᠃     ᠲᠣᠯᠣᠭᠠᠢ ᠡᠪᠡᠳᠴᠦ ᠴᠢᠬᠢ ᠱᠤᠤᠭᠢᠬᠤ᠄ ᠦᠷᠭᠦᠯᠵᠢ ᠶᠢᠨ ᠴᠢᠨᠠᠷᠲᠠᠢ ᠲᠣᠯᠣᠭᠠᠢ ᠡᠪᠡᠳᠬᠦ᠂ ᠴᠢᠬᠢ ᠱᠤᠤᠭᠢᠬᠤ ᠨᠢ ᠶᠡᠷᠦ ᠳᠡᠭᠡᠨ ᠪᠦᠷ ᠮᠡᠳᠡᠷᠡᠯ ᠤᠨ ᠴᠢᠨᠠᠷᠲᠠᠢ ᠪᠠᠶᠢᠲᠠᠭ᠃ ᠤᠷᠲᠤ ᠬᠤᠭᠤᠴᠠᠭᠠᠨ ᠤ ᠶᠠᠳᠠᠷᠠᠯ ᠵᠦᠳᠡᠷᠡᠯ᠂ ᠣᠶᠤᠨ ᠰᠠᠨᠠᠭᠠᠨ ᠤ ᠳᠠᠷᠤᠯᠲᠠ ᠶᠡᠭᠡ᠂ ᠤᠨᠲᠠᠬᠤ ᠴᠠᠭ ᠬᠦᠷᠦᠯᠴᠡᠬᠦ ᠦᠭᠡᠢ᠂ ᠨᠦᠢᠷ ᠮᠠᠭᠤᠳᠠᠬᠤ ᠵᠡᠷᠭᠡ ᠰᠢᠯᠲᠠᠭᠠᠨ ᠠᠴᠠ ᠪᠤᠯᠤᠬᠰᠠᠨ ᠪᠠᠶᠢᠲᠠᠭ ᠶᠤᠮ᠃     ᠶᠡᠷᠦᠩᠬᠡᠢ ᠳᠤᠨᠢ ᠠᠪᠴᠤ ᠬᠡᠯᠡᠪᠡᠯ᠂ ᠬᠡᠪ ᠤᠨ ᠶᠣᠰᠣᠭᠠᠷ ᠠᠵᠢᠯᠯᠠᠵᠤ ᠠᠮᠠᠷᠠᠨ᠂ ᠢᠳᠡᠭᠡᠨ ᠤᠮᠲᠠᠭᠠᠨ ᠢᠶᠠᠨ ᠰᠠᠶᠢᠲᠦᠷ ᠲᠤᠬᠢᠷᠠᠭᠤᠯᠵᠦ᠂ ᠰᠡᠳᠭᠢᠯ ᠰᠠᠨᠠᠭ᠎ᠠ ᠪᠠᠨ ᠪᠠᠶᠠᠰᠬᠠᠵᠦ᠂ ᠬᠠᠨᠲᠠᠯ᠎ᠠ ᠤᠨᠲᠠᠬᠤ ᠶᠢ ᠪᠠᠲᠤᠯᠠᠪᠠᠯ ᠲᠡᠭᠡᠷ᠎ᠡ ᠶᠠᠷᠢᠬᠰᠠᠨ ᠡᠳᠡᠭᠡᠷ ᠢᠯᠡᠷᠡᠯ ᠠᠭᠠᠵᠢᠮ ᠳᠠᠭᠠᠨ ᠠᠷᠢᠯᠬᠤ ᠪᠤᠯᠤᠨ᠎ᠠ᠃         ︵︽ᠲᠤᠮᠳᠡᠳᠥ ᠤᠯᠤᠰ ᠤᠨ ᠮᠤᠩᠭᠤᠯ ᠬᠡᠯᠠᠨ ᠤ ᠰᠤᠨᠢᠨ ᠮᠠᠳᠡᠭᠡ ᠶᠢᠨ ᠰᠥᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号