ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ 2024 ᠣᠨ ᠤ ᠬᠤᠶᠠᠳᠤᠭᠠᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
  5 ᠰᠠᠷ᠎ᠠ ᠶᠢᠨ 24 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ 2024 ᠣᠨ ᠤ ᠬᠤᠶᠠᠳᠤᠭᠠᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠢᠪᠠ᠃  ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠢᠦᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠮᠠ ᠱᠤ᠋ ᠭᠠᠩ᠂ ᠭᠤᠸᠠᠨ ᠹᠧᠩ᠂ ᠯᠢ ᠶᠢᠩ ᠺᠦᠨ᠂ ᠯᠢᠦ ᠬᠤᠩ ᠪᠥᠸᠧ᠂ ᠸᠠᠩ ᠬᠠᠶ ᠵᠢᠶᠠᠩ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠲᠤᠰ ᠤᠳᠠᠭᠠᠨ ᠤ ᠬᠤᠷᠠᠯ ᠳᠤ ᠣᠷᠣᠯᠴᠠᠵᠠᠶ᠃  ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠶᠢᠨ 5 ᠰᠠᠷ᠎ᠠ ᠶᠢᠨ 23 ᠤ ᠦᠳᠡ ᠶᠢᠨ ᠬᠤᠶᠢᠨ᠎ᠠ ᠱᠠᠨᠳᠦ᠋ᠩ ᠮᠤᠵᠢ ᠶᠢᠨ ᠵᠢᠨᠠᠨ ᠬᠤᠲᠠ ᠳᠤ ᠠᠵᠤ ᠠᠬᠤᠶᠢᠯᠠᠯ ᠪᠠ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠶᠢᠮᠠᠭ ᠤᠨ ᠵᠠᠬᠢᠷᠭ᠎ᠠ ᠶᠢᠨ ᠭᠤᠤᠯ ᠤᠳᠤᠷᠢᠳᠤᠯᠭ᠎ᠠ ᠶᠢᠨ ᠴᠣᠬᠤᠯᠠᠪᠤᠷᠢ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ  ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠶᠢ ᠱᠠᠯᠠᠪᠳᠠᠭᠤᠯᠤᠨ᠂ ᠠᠰᠠᠭᠤᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠡᠯ᠎ᠡ ᠲᠥᠷᠥᠯ ᠤᠨ ᠠᠰᠠᠭᠤᠳᠠᠯ ᠢ ᠡᠷᠲᠡ ᠠᠴᠠ ᠨᠢ ᠴᠡᠭᠴᠡᠯᠡᠨ ᠵᠠᠰᠠᠵᠤ᠂ ᠪᠠᠭ᠎ᠠ ᠠᠴᠠ ᠨᠢ ᠴᠡᠭᠴᠡᠯᠡᠨ ᠵᠠᠰᠠᠵᠤ᠂ ᠦᠨᠡᠨ ᠪᠣᠳᠠᠲᠠᠶ ᠦᠷ᠎ᠡ ᠪᠦᠲᠦᠮᠵᠢ ᠪᠠᠷ ᠣᠯᠠᠨ ᠲᠦᠮᠡᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠬᠦ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠵᠢᠷᠭᠤᠭᠠᠨ ᠢᠨᠵᠧᠨᠧᠷᠢᠩ︾᠂ ︽ᠭᠤᠷᠪᠠᠨ ᠨᠠᠷᠢᠨ ᠳᠠᠩᠰᠠ︾᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠵᠡᠷᠭᠡ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠠᠵᠢᠯ ᠢ ᠠᠬᠢᠭᠤᠯᠬᠤ ᠪᠠ ᠨᠠᠶᠢᠳᠠᠪᠤᠷᠢᠵᠢᠭᠤᠯᠬᠤ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号