ᠤᠯᠠᠭᠠᠨᠬᠤᠲᠠ ᠶᠢᠨ ᠲᠦᠮᠡ ᠭᠠᠷᠤᠶ ᠨᠠᠮ ᠤᠨ ᠭᠡᠰᠢᠭᠦᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠢᠴᠢᠶᠠᠯ ᠤᠷᠤᠵᠠᠢ
ᠨᠡᠶᠢᠲᠡᠯᠡᠭᠰᠡᠨ ᠴᠠᠭ᠄
2024/5/30
     5 ᠰᠠᠷ᠎ᠠ ᠶᠢᠨ 24 ᠤ ᠡᠳᠦᠷ᠂ ᠤᠯᠠᠭᠠᠨᠬᠤᠲᠠ ︽ᠨᠠᠮ ᠤᠨ ᠰᠤᠷᠭᠠᠭᠤᠯᠢ ᠶᠢᠨ ᠡᠭᠦᠯᠡᠨ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠵᠦ᠂ ᠪᠥᠬᠦ ᠬᠤᠲᠠ ᠶᠢᠨ ᠲᠦᠮᠡ ᠭᠠᠷᠤᠶ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ︽ᠨᠢᠭᠡ ᠬᠢᠴᠢᠶᠡᠯ ᠢ ᠬᠠᠮᠲᠤ ᠪᠠᠷ ᠰᠣᠨᠣᠰᠬᠠᠵᠠᠢ︾᠃
       ᠲᠤᠰ ᠤᠳᠠᠭᠠᠨ ᠤ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠨᠡᠶᠢᠲᠡ 251 ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠣᠯᠯᠠᠭᠴᠢ ᠪᠠᠭᠰᠢ ᠨᠠᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠤᠨ ᠲᠣᠭᠤᠷᠢᠨ ᠳᠤ᠂ ᠳᠦᠷᠢᠮ ᠢ ᠲᠠᠶᠢᠯᠪᠤᠷᠢᠯᠠᠬᠤ ᠪᠠ ᠬᠡᠷᠡᠭ ᠤᠨ ᠵᠢᠱᠢᠶ᠎ᠡ ᠶᠢ ᠲᠣᠳᠣᠷᠬᠠᠶᠢᠯᠠᠨ ᠲᠠᠶᠢᠯᠪᠤᠷᠢᠯᠠᠬᠤ ᠶᠢ ᠤᠶᠠᠯᠳᠤᠭᠤᠯᠬᠤ ᠠᠷᠭ᠎ᠠ ᠪᠠᠷ᠂ ︽ᠳᠦᠷᠢᠮ︾ ᠢ ᠲᠡᠷᠡ ᠬᠡᠪ ᠢᠶᠠᠷ ᠨᠢ ᠲᠠᠶᠢᠯᠪᠤᠷᠢᠯᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠠᠢ᠃ ᠡᠭᠦᠨ ᠤ ᠬᠠᠮᠲᠤ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠭᠦᠨᠵᠡᠭᠡᠢ ᠠᠭᠤᠰᠤᠯᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠤ ᠰᠤᠷᠤᠯᠭ᠎ᠠ ᠶᠢᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ  ᠤᠶᠢᠯᠠᠭᠠᠬᠤ᠂ ᠰᠠᠬᠢᠯᠭ᠎ᠠ ᠪᠠᠳᠤ ᠶᠢ ᠰᠠᠬᠢᠬᠤ ᠶᠢ ᠵᠢᠯᠣᠭᠤᠳᠴᠤ᠂ ︽ᠲᠦᠷᠢᠮ︾ ᠨᠢ ᠶᠠᠭᠤ ᠪᠣᠯᠬᠤ᠂ ᠲᠣᠳᠣᠷᠬᠠᠢ ᠵᠠᠷᠯᠢᠭ ᠱᠠᠭᠠᠷᠳᠠᠯᠭ᠎ᠠ ᠨᠢ ᠶᠠᠭᠤ ᠬᠢᠵᠦ ᠪᠣᠯᠬᠤ ᠦᠭᠡᠢ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠬᠤ ᠳᠤ ᠡᠷᠬᠡᠪᠰᠢ ᠶᠠᠭᠤ ᠬᠢᠬᠦ ᠶᠢ ᠲᠣᠳᠣᠷᠬᠠᠢ ᠣᠶᠢᠯᠠᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ ᠭᠡᠵᠠᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号